ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠮ ᠶᠠᠪᠤᠪᠠᠯ ᠵᠤᠰᠠᠯᠠᠩ ᠤᠨ ᠰᠠᠶᠢᠬᠠᠨ ᠭᠠᠵᠠᠷ — ᠤᠯᠠᠭᠠᠨᠴᠠᠪ ᠪᠣᠯᠣᠨ᠎ᠠ
ᠨᠡᠶᠢᠲᠡᠯᠡᠭᠰᠡᠨ ᠴᠠᠭ᠄
2024/7/3
    ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠮ ᠶᠠᠪᠤᠪᠠᠯ ᠤᠯᠠᠭᠠᠨᠴᠠᠪ ᠪᠣᠯᠤᠨ᠎ᠠ᠃ ᠲᠠ ᠠᠳᠡ ᠢᠷᠡᠪᠡᠯ ᠭᠤᠶᠢᠳᠡ ᠰᠠᠢᠬᠠᠨ ᠠᠶ᠎ᠠ ᠳᠠᠭᠤᠤ ᠶᠢ ᠰᠤᠨᠢᠷᠬᠠᠨ᠂ ᠠᠶᠠᠨ ᠵᠠᠮ ᠤᠨ ᠭᠠᠶᠢᠬᠠᠮᠰᠢᠭᠳᠤ ᠦᠵᠡᠮᠵᠢ ᠳᠤ ᠰᠤᠭᠳᠤᠭᠤᠷᠠᠵᠤ᠂ ᠲᠠᠯ᠎ᠠ ᠨᠤᠲᠤᠭ ᠤᠨ ᠵᠠᠰᠠᠮᠠᠯ ᠵᠠᠮ ᠢᠶᠠᠷ ᠰᠦᠯᠵᠢᠯᠳᠦᠵᠦ᠂ ᠨᠢᠭᠡ ᠤᠳᠠᠭᠠᠨ ᠤ ᠭᠤᠶᠤ ᠵᠢᠭᠤᠯᠴᠢᠯᠠᠯ ᠢ ᠦᠩᠭᠡᠷᠡᠬᠦᠯᠭᠦ ᠪᠤᠯᠤᠨ᠎ᠠ︕ ᠲᠠᠨ ᠤ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠬᠤᠲᠠ︾ — ᠤᠯᠠᠭᠠᠨᠴᠠᠪ ᠲᠤ ᠵᠤᠭᠠᠴᠠᠬᠤ ᠪᠠᠷ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ︕     ᠰᠢᠩ ᠾᠧ ᠰᠢᠶᠠᠨ ᠤ ᠰᠤᠮᠤᠨ ᠠᠭᠤᠯᠠ ᠪᠣᠯ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ  ᠣᠷᠣᠨ ᠪᠣᠯᠤᠨ᠎ᠠ᠃ ᠰᠤᠮᠤᠨ ᠠᠭᠤᠯᠠ ᠶᠢᠨ ᠣᠶ ᠰᠢᠭᠤᠶ ᠶᠢᠨ ᠴᠡᠴᠡᠷᠯᠢᠭ ᠰᠢᠩ ᠾᠧ ᠰᠢᠶᠠᠨ ᠤ ᠡᠮᠦᠨ᠎ᠡ  ᠬᠡᠰᠡᠭ ᠲᠤ ᠪᠠᠶᠢᠷᠢᠯᠠᠵᠤ᠂ ᠱᠠᠨ ᠰᠢ ᠾᠧᠪᠧᠢ ᠥᠪᠥᠷ ᠮᠣᠩᠭᠤᠯ ᠭᠤᠷᠪᠠᠨ ᠮᠤᠵᠢ ᠶᠢᠨ ᠠᠭᠤᠯᠵᠠᠷ ᠲᠠᠬᠢ ᠮᠤᠨᠢ  ᠠᠭᠤᠯᠠ ᠶᠢᠨ ᠰᠡᠭᠦᠯ᠂ ᠶᠦᠩ ᠳ᠋ᠢᠩ ᠾᠧ ᠭᠤᠤᠯ ᠤᠨ ᠳᠡᠭᠡᠳᠦ ᠤᠷᠤᠰᠬᠠᠯ ᠤᠨ ᠬᠡᠰᠡᠭ ᠲᠤ ᠪᠠᠶᠢᠷᠢᠯᠠᠵᠤ ᠪᠠᠶᠢᠳᠠᠭ᠃     ᠰᠤᠮᠤᠨ ᠠᠭᠤᠯᠠ ᠶᠢᠨ ᠣᠢ ᠰᠢᠭᠤᠢ ᠶᠢᠨ ᠴᠡᠴᠡᠷᠯᠢᠭ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ  ᠭᠠᠵᠠᠷ ᠣᠷᠣᠨ ᠤ ᠬᠠᠮᠤᠭ ᠤᠨ ᠲᠣᠮᠣ ᠲᠠᠷᠢᠮᠠᠯ ᠣᠢ ᠰᠢᠭᠤᠢ ᠶᠢᠨ ᠲᠠᠯᠠᠪᠠᠢ ᠲᠠᠢ ᠪᠠᠶᠢᠵᠤ᠂ ᠣᠢ ᠰᠢᠭᠤᠢ ᠶᠢᠨ ᠪᠦᠷᠬᠦᠴᠡ 71% ᠳᠤ ᠬᠦᠷᠴᠦ᠂ ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠦᠢᠯᠡᠰ ᠤᠨ ᠨᠢᠭᠡᠨ ᠭᠤᠶᠣ ᠨᠡᠷ᠎ᠡ ᠶᠢᠨ ᠬᠠᠭᠤᠳᠠᠰᠤ  ᠪᠣᠯᠤᠨ᠎ᠠ᠃
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2