| | ᠣᠶᠢᠷ᠎ᠠ ᠳᠤ᠂ ᠱᠠᠩᠳᠤ ᠰᠢᠶᠠᠨ ᠳᠤ ᠣᠯᠠᠨ ᠡᠳᠦᠷ ᠤᠨ ᠶᠡᠭᠡ ᠬᠡᠪᠴᠢᠶᠡᠨ ᠤ ᠰᠢᠷᠦᠭᠦᠨ ᠪᠣᠷᠣᠭᠠᠨ ᠤᠷᠤᠵᠤ᠂ | ᠬᠠᠮᠤᠭ ᠤᠨ ᠶᠡᠭᠡ ᠪᠣᠷᠣᠭᠠᠨ ᠤ ᠬᠡᠮᠵᠢᠶ᠎ᠡ 37.4 ᠮᠢᠯᠢᠮᠧᠲᠷ ᠲᠤ ᠬᠦᠷᠴᠦ᠂ ᠴᠠᠭᠠᠨᠨᠠᠭᠤᠷ ᠤᠨ ᠨᠤᠭᠤ ᠭᠠᠵᠠᠷ ᠨᠢ | ᠱᠠᠩᠳᠤ ᠰᠢᠶᠠᠨ ᠤ ᠳᠠᠯᠠᠶ ᠶᠢᠨ ᠲᠦᠪᠰᠢᠨ ᠤ ᠬᠠᠮᠤᠭ ᠤᠨ ᠳᠣᠤᠷ᠎ᠠ ᠴᠡᠭ ᠪᠣᠯᠤᠭᠰᠠᠨ ᠤ ᠬᠤᠪᠢ ᠳᠤ᠂ ᠰᠠᠪᠠ | ᠭᠠᠵᠠᠷ ᠤᠨ ᠳᠣᠲᠣᠷᠠᠬᠢ 5 ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠤᠨ ᠲᠠᠪᠤᠨᠠᠭᠤᠯᠠ ᠭᠤᠤᠯ᠂ ᠱᠢ ᠪᠠ ᠴᠢᠩ | ᠾᠧ ᠭᠤᠤᠯ᠂ ᠰᠢᠯ ᠬᠤᠤ ᠶᠢᠨ ᠭᠤᠤᠯ᠂ ᠯᠢᠦ ᠲᠠᠢ ᠾᠧ ᠭᠤᠤᠯ᠂ ᠡᠤ ᠲᠠᠢ ᠾᠧ ᠭᠤᠤᠯ ᠨᠢ ᠴᠥᠮ ᠭᠠᠵᠠᠷ ᠤᠨ | ᠭᠠᠳᠠᠷᠭᠤ ᠶᠢᠨ ᠤᠷᠤᠰᠬᠠᠯ ᠪᠣᠯᠵᠣ᠂ ᠠᠳᠠᠯᠢ ᠪᠤᠰᠤ ᠬᠡᠮᠵᠢᠶ᠎ᠡ ᠪᠠᠷ ᠴᠠᠭᠠᠨᠨᠠᠭᠤᠷ ᠤᠨ ᠨᠤᠭᠤ ᠭᠠᠵᠠᠷ ᠲᠤ ᠤᠰᠤ | ᠨᠥᠬᠦᠪᠥᠷᠢᠯᠡᠵᠦ ᠪᠠᠶᠢᠨ᠎ᠠ᠃ ᠣᠳᠣᠬᠠᠨ ᠳᠤ᠂ ᠴᠠᠭᠠᠨᠨᠠᠭᠤᠷ ᠤᠨ ᠵᠠᠯᠭᠠᠯᠳᠤᠭᠰᠠᠨ ᠤᠰᠤᠨ ᠤ ᠭᠠᠳᠠᠷᠭᠤ ᠪᠣᠯᠤᠨ | ᠵᠠᠯᠭᠠᠯᠳᠤᠭᠰᠠᠨ ᠦᠬᠡᠢ ᠭᠤᠣᠯ ᠤᠨ ᠰᠠᠶᠢᠷᠭᠠᠯ ᠤᠨ ᠲᠠᠯᠠᠪᠠᠢ 19.32 ᠲᠡᠭᠰᠢ ᠳᠥᠷᠪᠡᠯᠵᠢᠨ ᠺᠢᠯᠣᠮᠧᠲᠷ ᠲᠤ | ᠬᠦᠷᠴᠦ᠂ ᠣᠶᠢᠷ᠎ᠠ ᠶᠢᠨ ᠵᠢᠯ ᠤᠨ ᠲᠤᠷᠰᠢᠬᠢ ᠬᠠᠮᠤᠭ ᠤᠨ ᠶᠡᠭᠡ ᠤᠰᠤᠨ ᠭᠠᠳᠠᠷᠭᠤ ᠳᠤ ᠬᠦᠷᠦᠭᠰᠡᠨ ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |