ᠰᠠᠶᠢᠨ ᠰᠠᠶᠢᠬᠠᠨ ᠭᠡᠷ ᠣᠷᠣᠨ ᠢᠶᠠᠨ ᠴᠣᠭᠴᠠᠯᠠᠬᠤ ᠳᠤ ᠪᠢᠳᠡ ᠠᠵᠢᠯᠯᠠᠵᠤ ᠪᠠᠶᠢᠨ᠎ᠠ
ᠨᠡᠶᠢᠲᠡᠯᠡᠭᠰᠡᠨ ᠴᠠᠭ᠄
2024/7/30
       ᠣᠶᠢᠷ᠎ᠠ ᠳᠤ᠂ ᠬᠤᠸᠠᠳᠧ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠲᠣᠭᠤᠷᠢᠭ ᠤᠨ ᠵᠡᠭᠡᠯᠢ ᠳᠠᠭᠠᠤ ᠮᠠᠯ ᠤᠨᠤᠭ᠎ᠠ ᠶᠢ ᠳᠤᠷ᠎ᠠ ᠪᠠᠷ ᠨᠢᠲᠤᠯᠬᠤ ᠠᠴᠠ ᠪᠣᠯᠤᠭᠰᠠᠨ ᠪᠣᠬᠢᠷᠲᠤᠯ ᠪᠣᠳᠠᠰ᠂ ᠡᠭᠦᠳᠡ ᠳᠠᠪᠠᠵᠤ ᠲᠠᠯᠪᠢᠬᠤ ᠪᠠ ᠨᠡᠭᠦᠳᠡᠯ ᠳᠡᠯᠭᠡᠭᠡ ᠮᠠᠶᠢᠮᠠᠶ ᠶᠢᠨ ᠴᠡᠭ ᠵᠠᠮ ᠡᠵᠡᠯᠡᠨ ᠡᠵᠡᠩᠨᠡᠬᠦ ᠵᠡᠷᠭᠡ ᠡᠷᠦᠶ ᠬᠤᠷᠤᠶ ᠥᠬᠡᠶ ᠦᠵᠡᠭᠳᠡᠯ ᠤᠨ ᠠᠰᠠᠭᠤᠳᠠᠯ ᠳᠤ ᠴᠢᠭᠯᠡᠭᠦᠯᠦᠨ ᠪᠦᠬᠦᠨ ᠢ ᠬᠠᠮᠤᠷᠤᠨ ᠵᠠᠰᠠᠯᠲᠠ ᠥᠷᠨᠢᠭᠦᠯᠪᠡ᠃    ᠡᠭᠦᠳᠡ ᠳᠠᠪᠠᠵᠤ ᠳᠡᠯᠭᠡᠨ ᠲᠠᠯᠪᠢᠬᠤ᠂ ᠨᠡᠭᠦᠳᠡᠯ ᠳᠡᠯᠭᠡᠭᠡ ᠮᠠᠶᠢᠮᠠᠶ ᠶᠢᠨ ᠴᠡᠭ ᠵᠡᠷᠭᠡ ᠵᠠᠮ ᠡᠵᠡᠯᠡᠨ ᠡᠵᠡᠩᠨᠡᠬᠦ ᠦᠢᠯᠡ ᠠᠵᠢᠯᠯᠠᠭ᠎ᠠ ᠶᠢ ᠬᠠᠤᠯᠢ ᠬᠡᠷᠡᠭᠵᠢᠭᠦᠯᠬᠦ ᠠᠵᠢᠯᠲᠠᠨ ᠬᠡᠪ ᠤᠨ ᠲᠣᠭᠤᠷᠢᠨ ᠪᠠᠶᠢᠴᠠᠭᠠᠬᠤ ᠪᠠ ᠴᠠᠭ ᠵᠥᠷᠢᠭᠦᠯᠦᠨ ᠬᠢᠨᠠᠨ ᠬᠠᠮᠢᠶᠠᠷᠬᠤ ᠠᠷᠭ᠎ᠠ ᠪᠠᠷ ᠵᠠᠮ ᠡᠵᠡᠯᠡᠨ ᠡᠵᠡᠩᠨᠡᠭᠰᠡᠨ ᠨᠡᠭᠦᠳᠡᠯ ᠬᠤᠳᠠᠯᠳᠤᠭᠠᠴᠢᠨ 8 ᠬᠤᠳᠠᠯᠳᠤᠭᠠᠴᠢᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠵᠠᠬ᠎ᠠ ᠳᠡᠯᠬᠡᠬᠦᠷ ᠲᠤ ᠤᠷᠤᠭᠤᠯᠵᠤ᠂ ᠲᠣᠭᠲᠠᠮᠠᠯ ᠨᠡᠷᠡᠨ ᠰᠢᠬᠦᠷ ᠢ 2 ᠨᠤᠷᠠᠭᠠᠯᠭᠠᠪᠠ᠃    ᠬᠠᠤᠯᠢ ᠬᠡᠷᠡᠭᠵᠢᠭᠦᠯᠬᠦ ᠭᠡᠰᠢᠭᠦᠳ ᠢᠮᠠᠭᠲᠠ ᠬᠠᠤᠯᠢ ᠶᠢ ᠴᠢᠩᠭ᠎ᠠ ᠬᠡᠷᠡᠭᠵᠢᠭᠦᠯᠬᠦ ᠪᠠ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠬᠠᠷᠢᠯᠴᠠᠨ ᠤᠶᠠᠯᠳᠤᠭᠤᠯᠵᠤ᠂ 500 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠵᠡᠭᠡᠯᠢ ᠳᠠᠭᠠᠭᠰᠠᠨ ᠮᠠᠯ ᠨᠢᠳᠤᠯᠬᠤ ᠡᠷᠦᠬᠡ 15 ᠳᠡᠯᠭᠡᠭᠦᠷ ᠲᠤ ᠣᠷᠣᠵᠤ ᠬᠦᠮᠦᠵᠢᠬᠦᠯᠦᠨ ᠬᠦᠲᠦᠯᠦᠨ ᠵᠢᠯᠤᠭᠤᠳᠴᠤ᠂ 10 ᠡᠷᠦᠬᠡ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ ᠬᠠᠮᠲᠤ ᠮᠠᠯ ᠨᠢᠳᠤᠯᠬᠤ ᠳᠤ ᠡᠭᠦᠰᠦᠭᠰᠡᠨ ᠪᠣᠬᠢᠷᠲᠤᠯ ᠪᠣᠳᠠᠰ ᠢ ᠲᠥᠪᠯᠡᠷᠡᠭᠦᠯᠦᠨ ᠴᠡᠪᠡᠷᠯᠡᠪᠡ᠃    ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠪᠠᠷ ᠳᠠᠮᠵᠢᠨ᠂ ᠲᠣᠰ ᠰᠢᠶᠠᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠦᠲᠦᠮᠵᠢᠲᠡᠶ ᠳᠡᠭᠡᠭᠰᠢᠯᠡᠭᠦᠯᠪᠡ᠃ ᠬᠤᠶᠢᠰᠢᠳᠠ ᠬᠤᠸᠠᠳᠧ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠰᠢᠶᠠᠨ ᠤ ᠰᠠᠭᠤᠭᠠᠯᠢ ᠠᠷᠠᠳ ᠲᠤ ᠴᠡᠪᠡᠷ ᠴᠡᠮᠴᠡᠭᠡᠷ᠂ ᠲᠠᠭᠠᠯᠠᠮᠵᠢᠲᠠᠶ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦᠨ᠎ᠡ᠃                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2