ᠴᠢ ᠹᠸᠢ ᠶᠦᠨ ᠹᠧᠩᠵᠧᠨ ᠬᠤᠲᠠ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/4
   7 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠹᠧᠩᠵᠧᠨ ᠬᠤᠲᠠ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠣᠶ ᠰᠢᠭᠤᠶ ᠡᠪᠡᠰᠦ ᠪᠡᠯᠴᠢᠭᠡᠷ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠬᠥᠭᠵᠢᠯᠲᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃    ᠬᠤᠩ ᠱᠠᠨ ᠤᠢ ᠰᠢᠭᠤᠢ ᠶᠢᠨ ᠲᠠᠯᠠᠪᠠᠢ ᠳᠤ᠂ ᠴᠢ ᠹᠸᠢ ᠶᠦᠨ ᠤᠢ ᠰᠢᠭᠤᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ᠂ ᠤᠢ ᠰᠢᠭᠤᠢ ᠡᠪᠡᠰᠦ ᠪᠡᠯᠴᠢᠭᠡᠷ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠴᠢ ᠹᠸᠢ ᠶᠦᠨ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠳᠣᠪᠤᠶᠢᠯᠭᠠᠨ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠴᠠᠭ ᠬᠤᠭᠤᠴᠠᠭ᠎ᠠ ᠶᠢ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠣᠶ ᠰᠢᠭᠤᠶ ᠡᠪᠡᠰᠦ ᠪᠡᠯᠴᠢᠭᠡᠷ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠰᠡᠷᠭᠡᠶᠢᠯᠡᠨ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ ᠭᠡᠵᠦ ᠴᠢᠩᠭᠠᠳᠬᠠᠪᠠ᠃    ᠯᠢᠦᠶ ᠺᠠᠩ ᠶᠤᠸᠠᠨ ᠠᠮᠢ ᠠᠬᠤᠶ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠳᠤ᠂ ᠴᠢ ᠹᠸᠢ ᠶᠦᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠪᠣᠷᠣᠯᠠᠭᠤᠯᠬᠤ ᠪᠠ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠴᠢ ᠹᠸᠢ ᠶᠦᠨ᠂ ᠲᠠᠷᠢᠶᠠᠯᠠᠩ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠵᠤᠭᠠᠴᠠᠯ ᠤᠨ ᠲᠠᠯᠠᠪᠤᠷ ᠢ ᠦᠷᠭᠦᠯᠵᠢᠯᠡᠨ ᠪᠠᠶᠠᠯᠢᠭᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ︽ᠬᠤᠣᠰ ᠠᠮᠵᠢᠯᠲᠠ︾ ᠶᠢᠨ ᠪᠠᠶᠢᠳᠠᠯ ᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠲᠠᠢ ᠱᠠᠨ ᠵᠤᠭᠠᠩ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠩ ᠯᠸᠢ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧᠩ ᠱᠧᠩ ᠶᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠳᠤ᠂ ᠴᠢ ᠹᠸᠢ ᠶᠦᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠴᠢ ᠹᠸᠢ ᠶᠦᠨ᠂ ᠠᠵᠠ ᠲᠣᠬᠢᠶᠠᠯ ᠢ ᠠᠮᠵᠢᠵᠤ᠂ ᠶᠡᠭᠡ ᠪᠠᠷ ᠠᠵᠢᠯᠯᠠᠵᠤ ᠲᠦᠷᠭᠡᠨ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠲᠡᠮᠦᠷ ᠤᠨ ᠬᠠᠶᠢᠯᠤᠰᠢ᠂ ᠰᠢᠨ᠎ᠡ ᠮᠠᠲ᠋ᠧᠷᠢᠶᠠᠯ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠢᠯ ᠲᠦᠷᠦᠯ ᠤᠨ ᠬᠡᠯᠬᠢᠶ᠎ᠡ ᠶᠢ ᠲᠥᠪᠯᠡᠷᠡᠭᠦᠯᠬᠦ ᠪᠠᠶᠢᠳᠠᠯ ᠢ ᠠᠬᠢᠭᠤᠯᠵᠤ᠂ ᠥᠨᠳᠥᠷ ᠴᠢᠭᠯᠡᠯ ᠢᠶᠠᠷ ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2