ᠰᠦᠶ ᠸᠧᠶ ᠵᠢᠶᠦ᠋ᠨ ᠭᠠᠳᠠᠭᠠᠳᠤ ᠨᠡᠭᠡᠭᠡᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/5
   7 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠤᠯᠠᠭᠠᠨᠴᠠᠪ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ᠂ ᠳᠣᠯᠣᠳᠤᠭᠠᠷ ᠰᠤᠮᠤ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠳᠣᠯᠣᠳᠤᠭᠠᠷ ᠰᠤᠮᠤ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠳᠤ ᠭᠦᠨᠵᠡᠭᠡᠶᠢᠷᠡᠨ᠂ ᠭᠠᠳᠠᠭᠠᠳᠤ ᠨᠡᠭᠡᠭᠡᠯᠲᠡ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ ᠲᠠᠯᠠᠪᠤᠷ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠪᠠ᠃    ᠰᠦᠢ ᠸᠧᠢ ᠵᠢᠶᠦ᠋ᠨ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠦᠳᠦᠭᠡᠨ ᠪᠠᠶᠢᠭᠤᠯᠬᠤ ᠪᠣᠯ ᠪᠢᠳᠡᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠢ ᠰᠤᠳᠤᠯᠵᠤ᠂ ᠰᠢᠰᠲ᠋ᠧᠮ ᠲᠠᠢ ᠲᠥᠯᠥᠪᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠴᠢᠯᠥᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ︾ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠠᠳᠠᠭᠠᠳᠤ ᠨᠡᠭᠡᠭᠡᠯᠲᠡ ᠪᠠ ᠳᠣᠲᠣᠭᠠᠳᠤ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠣᠷᠣᠨ ᠪᠦᠰᠡ ᠶᠢᠨ ᠰᠣᠯᠢᠯᠴᠠᠭ᠎ᠠ ᠬᠠᠮᠵᠢᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠷᠢᠶᠡᠨ ᠬᠤᠲᠠ ᠶᠢᠨ ᠪᠣᠭᠤᠮᠲᠠ ᠶᠢᠨ ᠳᠣᠲᠣᠷ᠎ᠠ ᠭᠠᠵᠠᠷ ᠯᠤᠭ᠎ᠠ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠲᠥᠪᠯᠡᠷᠡᠯ ᠢ ᠢᠳᠡᠪᠬᠢᠲᠡᠢ ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠶᠡᠷᠦᠩᠬᠡᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠨᠡᠭᠡᠭᠡᠯᠲᠡ ᠬᠢᠵᠦ ᠬᠥᠭᠵᠢᠭᠦᠯᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠨᠢᠭᠡ ᠣᠷᠣᠨ ᠨᠢᠭᠡ ᠵᠠᠩᠭᠢᠯᠠᠭ᠎ᠠ᠂ ᠨᠢᠭᠡ ᠭᠠᠵᠠᠷ ᠨᠢᠭᠡ ᠲᠥᠪ︾ ᠤᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠲᠠᠯ᠎ᠠ ᠪᠠᠷ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠪᠠᠶᠢᠭᠤᠯᠬᠤ ᠲᠠᠯ᠎ᠠ ᠪᠠᠷ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠱᠠᠲᠤᠯᠢᠭ ᠬᠡᠮᠵᠢᠶ᠎ᠡ ᠪᠠᠷ ᠰᠢᠯᠵᠢᠭᠦᠯᠬᠦ ᠶᠢ ᠪᠦᠲᠦᠭᠡᠨ ᠪᠠᠶᠢᠭᠤᠯᠬᠤ ᠲᠠᠯ᠎ᠠ ᠪᠠᠷ ᠡᠳ᠋ᠰᠢᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠢ ᠪᠦᠲᠦᠭᠡᠨ ᠪᠠᠶᠢᠭᠤᠯᠬᠤ ᠲᠠᠯ᠎ᠠ ᠪᠠᠷ ᠨᠡᠭᠡᠭᠡᠯᠲᠡᠲᠦ ᠵᠠᠮ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ︽ᠠᠵᠤ ᠠᠬᠤᠢ ᠶᠢᠨ ᠨᠡᠪᠲᠡᠷᠡᠯ ᠵᠠᠮ︾ ᠢ ︽ᠨᠡᠪᠲᠡᠷᠡᠯ ᠵᠠᠮ ᠤᠨ ᠠᠵᠤ ᠠᠬᠤᠢ︾ ᠪᠣᠯᠭᠠᠨ ᠬᠤᠪᠢᠷᠠᠭᠤᠯᠬᠤ᠂ ︽ᠵᠠᠮ ᠥᠩᠭᠡᠷᠡᠬᠦ ᠠᠵᠤ ᠠᠬᠤᠢ︾ ᠶᠢ ︽ᠰᠠᠭᠤᠷᠢᠰᠢᠮᠠᠯ ᠠᠵᠤ ᠠᠬᠤᠢ︾ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢ ᠲᠡᠮᠡᠴᠡᠨ ᠤᠯᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠦᠢᠯᠡᠴᠢᠯᠡᠭᠡ ᠪᠠᠲᠤᠯᠠᠭ᠎ᠠ ᠬᠠᠩᠭᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠠᠳᠬᠤᠵᠤ᠂ ᠨᠡᠭᠡᠭᠡᠯᠲᠡ ᠬᠢᠬᠦ ᠶᠡᠭᠡ ᠶᠠᠪᠤᠳᠠᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ᠂ ᠤᠯᠠᠭᠠᠨᠴᠠᠪ · ᠡᠷᠢᠶᠡᠨ ᠬᠤᠳᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠶᠢ ᠴᠢᠬᠤᠯᠠᠴᠢᠯᠠᠬᠤ᠂ ᠲᠠᠪᠴᠠᠩ ᠪᠠᠶᠢᠭᠤᠯᠬᠤ᠂ ᠠᠷᠠᠯᠵᠢᠶᠠᠴᠢᠨ ᠤᠷᠢᠬᠤ ᠶᠢ ᠠᠳᠬᠤᠬᠤ᠂ ᠦᠢᠯᠡᠴᠢᠯᠡᠭᠡ ᠬᠢᠬᠦ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠲᠠᠯ᠎ᠠ ᠪᠠᠷ ᠨᠡᠭᠡᠭᠡᠯᠲᠡᠲᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠦᠷᠢᠶᠡᠯᠡᠩ ᠲᠣᠭᠤᠷᠢᠭ ᠤᠨ ᠲᠦᠷᠭᠡᠨ ᠬᠥᠭᠵᠢᠬᠦ ᠶᠢ ᠦᠨᠡᠨᠬᠦ ᠠᠬᠢᠭᠤᠯᠬᠤ ᠬᠡᠷᠡᠭᠲᠡᠶ ᠭᠡᠵᠦ ᠬᠡᠯᠡᠪᠡ᠃     ᠵᠠᠩ ᠶᠦᠩ ᠸᠧᠨ᠂ ᠰᠦᠢ ᠵᠢᠶᠠᠨ ᠬᠤᠸᠠ᠂ ᠸᠠᠩ ᠵᠧᠨ ᠬᠠᠢ᠂ ᠵᠢᠢ ᠬᠤᠩ ᠣᠷᠣᠯᠴᠠᠵᠠᠢ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2