ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/5
     7 ᠰᠠᠷ᠎ᠠ ᠶᠢᠨ 3 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠠᠴᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠦᠷᠪᠡᠨ ᠠᠬᠢᠭᠤᠯᠬᠤ ᠳᠤᠭᠤᠶᠢᠯᠠᠩ ᠤᠨ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠦᠷᠢᠶᠡᠨ ᠳᠠᠬᠢ ᠬᠢᠯᠠᠰ ᠴᠡᠭ ᠤᠨᠴᠠᠯᠢᠬᠳᠤ ᠠᠵᠢᠯ ᠵᠢᠴᠢ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠤᠭᠲᠤᠬᠤ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠳᠤᠮᠳᠠ ᠬᠤᠭᠤᠴᠠᠭᠠᠨ ᠤ ᠦᠨᠡᠯᠡᠯᠲᠡ ᠶᠢᠨ ᠴᠢᠬᠤᠯᠠ ᠠᠴᠢ ᠬᠤᠯᠪᠣᠭᠳᠠᠯ ᠢ ᠲᠠᠨᠢᠵᠤ᠂ ᠠᠬᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠮᠠᠲ᠋ᠧᠷᠢᠶᠠᠯ ᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢ ᠪᠠᠳᠠᠷᠠᠭᠤᠯᠵᠤ᠂ ᠳᠥᠷᠪᠡᠨ ᠲᠤᠰᠬᠠᠶ ᠠᠬᠢᠭᠤᠯᠬᠤ ᠳᠤᠭᠤᠶᠢᠯᠠᠩ ᠤᠨ ᠲᠦᠷᠦᠭᠦᠯᠡᠨ ᠬᠢᠬᠦ ᠨᠢᠭᠡᠴᠢ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠲᠦᠷᠦᠭᠦᠯᠡᠨ ᠬᠢᠬᠦ ᠨᠢᠭᠡᠴᠢ ᠶᠢᠨ ᠡᠯ᠎ᠡ ᠵᠦᠢᠯ ᠤᠨ ᠪᠣᠳᠠᠲᠠᠶ ᠡᠭᠦᠷᠭᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠦᠷᠭᠦᠯᠵᠢᠯᠡᠨ ᠠᠬᠢᠭᠤᠯᠵᠤ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ ᠪᠡᠯᠡᠳᠬᠡᠯ ᠢ ᠰᠠᠶᠢᠲᠤᠷ ᠬᠢᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠶᠢ ᠬᠢᠨᠠᠮᠠᠭᠠᠶ ᠬᠢᠵᠦ᠂ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠥᠨᠳᠥᠷ ᠪᠦᠲᠦᠮᠵᠢᠲᠡᠶ ᠪᠠᠷ ᠠᠬᠢᠭᠤᠯᠵᠤ᠂ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠳᠤ ᠭᠦᠢᠴᠡᠳ ᠪᠡᠯᠡᠳᠬᠡᠯ ᠬᠢᠬᠦ ᠬᠡᠷᠡᠭᠲᠡᠶ ᠭᠡᠵᠤ ᠴᠢᠬᠤᠯᠠᠴᠢᠯᠠᠪᠠ᠃                  ᠣᠷᠴᠢᠭᠤᠯᠤᠭᠴᠢ᠄ ᠬᠦᠰᠡᠯ                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2