ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠵᠢᠴᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠣᠷᠴᠢᠨ ᠲᠣᠭᠤᠷᠢᠨ ᠤ ᠲᠢᠩᠬᠢᠮ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ︽︿ | ᠭᠤᠷᠪᠠᠨ ᠱᠤᠭᠤᠮ ᠨᠢᠭᠡ ᠬᠠᠭᠤᠳᠠᠰᠤ﹀ ᠠᠮᠢ ᠠᠬᠤᠶ ᠶᠢᠨ ᠣᠷᠴᠢᠨ ᠲᠣᠭᠤᠷᠢᠨ ᠤ ᠤᠷᠤᠨ ᠬᠤᠪᠢᠶᠠᠨ ᠬᠠᠮᠢᠶᠠᠷᠤᠨ | ᠡᠵᠡᠮᠳᠡᠬᠦ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ | ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠡᠳᠦᠭᠡ ︽ᠮᠡᠳᠡᠭᠳᠡᠯ︾ ᠤᠨ | ᠲᠥᠷᠥ ᠶᠢᠨ ᠪᠣᠳᠣᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠡ᠃ | ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠤ ︽︿2023 ᠣᠨ ᠤ ᠠᠮᠢ ᠠᠬᠤᠶ ᠶᠢᠨ ᠣᠷᠴᠢᠨ | ᠲᠣᠭᠤᠷᠢᠨ ᠤ ᠤᠷᠤᠨ ᠬᠤᠪᠢᠶᠠᠨ ᠬᠠᠮᠢᠶᠠᠷᠤᠨ ᠡᠵᠡᠮᠳᠡᠬᠦ ᠦᠷ᠎ᠡ ᠪᠦᠲᠦᠭᠡᠯ ᠢ ᠬᠥᠳᠡᠯᠦᠩᠭᠦᠶ ᠪᠠᠷ ᠰᠢᠨᠡᠳᠬᠡᠬᠦ | ᠠᠵᠢᠯ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠤᠷᠴᠢᠨ ᠠᠯᠪᠠᠨ ᠤᠷᠴᠢᠨ ᠦᠨᠡᠯᠡᠭᠰᠡᠨ | ᠵᠠᠬᠢᠳᠠᠯ︹2023︺ 81 ᠳ᠋ᠤᠭᠡᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ 2023 ᠣᠨ ᠤ ᠠᠮᠢ ᠠᠬᠤᠶ ᠶᠢᠨ ᠣᠷᠴᠢᠨ ᠲᠣᠭᠤᠷᠢᠨ ᠤ | ᠤᠷᠤᠨ ᠬᠤᠪᠢᠶᠠᠨ ᠬᠠᠮᠢᠶᠠᠷᠤᠨ ᠡᠵᠡᠮᠳᠡᠬᠦ ᠦᠷ᠎ᠡ ᠪᠦᠲᠦᠭᠡᠯ ᠢ ᠬᠥᠳᠡᠯᠦᠩᠭᠦᠶ ᠪᠠᠷ ᠰᠢᠨᠡᠳᠬᠡᠬᠦ ᠠᠵᠢᠯ ᠢ ᠥᠷᠨᠢᠭᠦᠯᠬᠦ | ᠲᠤᠬᠠᠶ ᠮᠡᠳᠡᠭᠳᠡᠯ︾ ︵ᠥᠪᠥᠷ ᠣᠷᠴᠢᠨ ᠠᠯᠪᠠᠨ ﹇2023﹈ 89 ᠳ᠋ᠤᠭᠡᠷ ᠲᠣᠭᠠᠲᠤ︶ ᠤᠨ ᠬᠠᠮᠢᠶ᠎ᠠ ᠪᠥᠬᠦᠶ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠭᠡᠯᠵᠢ ᠪᠦᠷᠢ ᠶᠢᠨ ︽ᠲᠠᠪᠤᠨ ᠵᠢᠯ ᠤᠨ ᠲᠥᠯᠥᠪᠵᠢᠭᠦᠯᠭᠡ︾ | ᠶᠢᠨ ᠡᠬᠢᠯᠡᠯᠳᠡ ᠶᠢᠨ ᠵᠢᠯ᠂ ᠪᠦᠬᠦ ᠬᠤᠳᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾ ᠶᠢ ᠬᠡᠷᠡᠭᠵᠢᠭᠦᠯᠦᠭᠰᠡᠨ | ᠪᠠᠶᠢᠳᠠᠯ ᠵᠢᠴᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠵᠡᠷᠭᠡ | ᠲᠠᠯ᠎ᠠ ᠶᠢᠨ ᠱᠠᠭᠠᠷᠳᠠᠯᠭ᠎ᠠ᠂ ᠵᠠᠰᠠᠭ ᠵᠠᠬᠢᠷᠭ᠎ᠠ ᠶᠢᠨ ᠣᠷᠣᠨ ᠤ ᠬᠤᠪᠢᠶᠠᠷᠢᠯᠠᠯ᠂ ᠠᠮᠢ ᠠᠬᠤᠶ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠣᠷᠣᠨ ᠵᠠᠶ ᠶᠢᠨ ᠵᠠᠭᠠᠭ ᠬᠢᠵᠠᠭᠠᠷ᠂ | ᠭᠤᠤᠯᠳᠠᠯᠭ᠎ᠠ ᠲᠠᠢ ᠠᠵᠤ ᠦᠢᠯᠡᠰ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠲᠠᠢ ᠤᠶᠠᠯᠳᠤᠭᠤᠯᠤᠨ᠂ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠵᠡᠷᠭᠡ ᠳᠤ ᠬᠤᠪᠢᠷᠠᠯᠲᠠ ᠭᠠᠷᠴᠤ ᠰᠢᠨᠡᠳᠬᠡᠬᠦ | ᠴᠢᠬᠤᠯᠠᠲᠠᠶ ᠪᠠᠶᠢᠪᠠᠯ᠂ ᠲᠠᠰ ᠳᠠᠷᠠᠭᠠᠯᠠᠯ ᠶᠣᠰᠣᠭᠠᠷ ᠴᠠᠭ ᠲᠤᠨᠢ ᠳᠣᠭᠢᠷᠠᠭᠤᠯᠤᠨ ︽ᠭᠤᠷᠪᠠᠨ ᠱᠤᠭᠤᠮ ᠨᠢᠭᠡ | ᠬᠠᠭᠤᠳᠠᠰᠤ︾ ᠶᠢᠨ ᠲᠤᠭ᠎ᠠ ᠪᠠᠷᠢᠮᠲᠠ ᠵᠢᠴᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠥᠳᠡᠯᠦᠩᠭᠦᠶ ᠪᠠᠷ ᠰᠢᠨᠡᠳᠬᠡᠬᠦ | ᠬᠡᠷᠡᠭᠲᠡᠶ᠃ | ᠬᠤᠶᠠᠷ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠭᠤᠣᠯ ᠬᠠᠷᠠᠯᠲᠠ | 2025 ᠤᠨ ᠪᠣᠯᠬᠤ ᠳᠤ᠂ ᠠᠮᠢ ᠠᠬᠤᠶ ᠶᠢᠨ ᠣᠷᠴᠢᠨ ᠲᠣᠭᠤᠷᠢᠨ ᠤ ᠤᠷᠤᠨ ᠬᠤᠪᠢᠶᠠᠨ ᠬᠠᠮᠢᠶᠠᠷᠤᠨ | ᠡᠵᠡᠮᠳᠡᠬᠦ ᠨᠡᠯᠢᠶᠡᠳ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠵᠤ᠂ ᠪᠥᠬᠦ ᠬᠤᠲᠠ ᠶᠢᠨ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠨᠠᠩ ᠪᠠᠲᠤ ᠪᠠᠬᠢ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ | ᠪᠦᠲᠦᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠣᠬᠢᠷᠲᠤᠯ ᠥᠬᠡᠶ ᠬᠥᠭᠵᠢᠯᠲᠡ ᠶᠢᠨ ᠬᠢᠷᠢ ᠲᠦᠪᠰᠢᠨ ᠢ | ᠢᠯᠡᠳᠲᠡ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠢᠯᠡᠳᠲᠡ | ᠨᠡᠮᠡᠭᠳᠡᠭᠦᠯᠦᠨ᠎ᠡ᠃ | ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠄ ᠪᠥᠬᠦ ᠬᠤᠲᠠ ᠶᠢᠨ ᠠᠮᠢ ᠠᠬᠤᠶ ᠶᠢᠨ ᠣᠷᠣᠨ | ᠵᠠᠶ ᠶᠢᠨ ᠶᠡᠷᠦᠩᠬᠡᠶ ᠲᠠᠯᠠᠪᠠᠶ ᠨᠢ 31247.28 ᠲᠡᠭᠰᠢ ᠳᠥᠷᠪᠡᠯᠵᠢᠨ ᠺᠢᠯᠣᠮᠧᠲᠷ ︵ᠠᠮᠢ ᠠᠬᠤᠶ ᠶᠢᠨ ᠣᠷᠣᠨ | ᠵᠠᠶ ᠶᠢᠨ ᠲᠠᠯᠠᠪᠠᠶ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠴᠣᠬᠤᠯᠠᠪᠤᠷᠢᠯᠠᠭᠰᠠᠨ | ᠬᠥᠳᠡᠯᠦᠩᠭᠦᠶ ᠲᠣᠬᠢᠷᠠᠭᠤᠯᠤᠯᠲᠠ ᠶᠢ ᠦᠨᠳᠦᠰᠦᠯᠡᠨ᠎ᠡ︶ ᠪᠠᠶᠢᠵᠤ᠂ ᠪᠥᠬᠦ ᠬᠤᠲᠠ ᠶᠢᠨ ᠤᠯᠤᠰ ᠤᠨ ᠨᠤᠲᠤᠭ | ᠳᠡᠪᠢᠰᠬᠡᠷ ᠤᠨ ᠲᠠᠯᠠᠪᠠᠶ ᠶᠢᠨ 57.38% ᠶᠢ ᠡᠵᠡᠯᠡᠨ᠎ᠡ᠃ ᠡᠭᠦᠨ ᠳᠤ᠂ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠤᠨ ᠲᠠᠯᠠᠪᠠᠢ ᠨᠢ 15478.61 ᠲᠡᠭᠰᠢ ᠳᠥᠷᠪᠡᠯᠵᠢᠨ ᠺᠢᠯᠤᠮᠧᠲᠷ᠂ ᠪᠦᠬᠦ ᠬᠤᠲᠠ ᠶᠢᠨ | ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢᠨ 28.42% ᠢ ᠡᠵᠡᠯᠡᠪᠡ︔ ᠡᠩ ᠤᠨ ᠠᠮᠢ ᠠᠬᠤᠢ ᠶᠢᠨ | ᠣᠷᠣᠨ ᠵᠠᠢ ᠶᠢᠨ ᠲᠠᠯᠠᠪᠠᠢ 15768.65 ᠲᠡᠭᠰᠢ ᠳᠥᠷᠪᠡᠯᠵᠢᠨ ᠺᠢᠯᠤᠮᠧᠲᠷ᠂ ᠪᠦᠬᠦ ᠬᠤᠲᠠ ᠶᠢᠨ ᠤᠯᠤᠰ ᠤᠨ | ᠨᠤᠲᠤᠭ ᠳᠡᠪᠢᠰᠬᠡᠷ ᠤᠨ ᠲᠠᠯᠠᠪᠠᠢ ᠶᠢᠨ 28.96% ᠶᠢ ᠡᠵᠡᠯᠡᠨ᠎ᠡ᠃ | ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠄ 2025 ᠤᠨ ᠪᠣᠯᠬᠤ ᠳᠤ᠂ ᠤᠯᠠᠭᠠᠨᠴᠠᠪ | ᠬᠤᠲᠠ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠶᠡᠷᠦᠩᠬᠡᠶ ᠲᠣᠭᠲᠠᠭᠤᠨ ᠢ ᠪᠠᠲᠤᠯᠠᠵᠤ᠂ ᠨᠠᠷᠢᠨ | ᠮᠥᠬᠦᠯᠢᠭᠲᠦ ᠪᠣᠳᠠᠰ ᠤᠨ ᠥᠳᠬᠡᠴᠡ ᠶᠢ 23 ᠮᠢᠺᠷᠣᠭ᠍ᠷᠠᠮ ᠳᠤ ᠬᠦᠷᠭᠡᠨ᠎ᠡ᠃ ᠤᠰᠤᠨ ᠤ ᠣᠷᠴᠢᠨ ᠲᠣᠭᠤᠷᠢᠨ ᠤ | ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠬᠤᠲᠠ ᠪᠠᠯᠭᠠᠰᠤᠨ ᠤ ᠱᠠᠳᠤ ᠵᠢᠴᠢ ᠲᠡᠭᠦᠨ ᠠᠴᠠ ᠳᠡᠭᠡᠭᠰᠢᠬᠢ | ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠴᠢᠨᠰᠠᠭ᠎ᠠ ᠶᠢᠨ Ⅲ | ᠲᠥᠷᠥᠯ ᠤᠨ100% ︵ᠲᠣᠰ ᠰᠠᠭᠤᠷᠢ ᠠᠬᠤᠶ ᠪᠠᠶᠢᠳᠠᠯ ᠤᠨ ᠬᠡᠮᠵᠢᠭᠳᠡᠯ ᠪᠠᠭᠲᠠᠬᠤ ᠥᠬᠡᠶ︶ ᠶᠢᠨ ᠬᠠᠷᠢᠴᠠᠯ ᠢ | ᠲᠣᠭᠲᠠᠭᠤᠨ ᠢᠶᠠᠷ ᠪᠠᠲᠤᠯᠠᠨ᠎ᠠ᠃ ᠤᠯᠠᠭᠠᠨᠴᠠᠪ ᠬᠤᠲᠠ ᠶᠢᠨ ᠪᠣᠬᠢᠷᠲᠤᠭᠰᠠᠨ ᠲᠠᠷᠢᠶᠠᠨ ᠭᠠᠵᠠᠷ ᠤᠨ ᠠᠮᠤᠷ | ᠲᠦᠪᠰᠢᠨ ᠢᠶᠠᠷ ᠠᠰᠢᠭᠯᠠᠬᠤ ᠨᠣᠷᠮ᠎ᠠ ᠶᠢ 98% ᠠᠴᠠ ᠳᠡᠭᠡᠭᠰᠢ ᠳᠤ ᠬᠦᠷᠭᠡᠨ᠎ᠡ︔ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠤᠣᠯᠳᠠᠯᠭ᠎ᠠ ᠲᠠᠢ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠶᠢ ᠪᠦᠲᠦᠮᠵᠢᠲᠡᠢ ᠪᠠᠲᠤᠯᠠᠵᠤ᠂ | ᠪᠣᠬᠢᠷᠲᠤᠯ ᠲᠠᠢ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠪᠠ ᠣᠷᠴᠢᠨ ᠲᠣᠭᠤᠷᠢᠨ ᠤ ᠶᠠᠰᠤ ᠴᠢᠨᠠᠷ ᠢ | ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠱᠠᠭᠠᠷᠳᠠᠯᠭ᠎ᠠ ᠳᠤ ᠬᠦᠷᠭᠡᠨ᠎ᠡ᠃ | ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠬᠦᠯᠦᠨ᠎ᠡ᠄ 2025 ᠤᠨ ᠪᠣᠯᠬᠤ ᠳᠤ᠂ ᠪᠥᠬᠦ ᠬᠤᠲᠠ ᠶᠢᠨ | ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 6.21 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠬᠡᠲᠦᠷᠡᠭᠦᠯᠵᠦ | ᠪᠣᠯᠬᠤ ᠥᠬᠡᠶ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ | 11.9% ᠪᠠᠷ ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ | ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 5.0% ᠪᠠᠷ ᠪᠠᠭᠤᠷᠠᠭᠤᠯᠵᠤ᠂ ᠲᠠᠷᠢᠶᠠᠯᠠᠩ ᠤᠨ | ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠢᠯᠡᠳᠬᠡᠮᠵᠢ ᠶᠢ 0.767% ᠠᠴᠠ ᠳᠡᠭᠡᠭᠰᠢ ᠪᠤᠯᠭᠠᠨ᠎ᠠ︔ | ᠦᠨᠳᠦᠰᠦᠨ ᠲᠠᠷᠢᠶᠠᠨ ᠭᠠᠵᠠᠷ ᠤᠨ ᠲᠠᠯᠠᠪᠠᠶ ᠶᠢ 8366 ᠲᠡᠭᠰᠢ ᠳᠥᠷᠪᠡᠯᠵᠢᠨ ᠺᠢᠯᠣᠮᠧᠲᠷ ᠪᠤᠯᠭᠠᠨ᠎ᠠ︔ ᠪᠥᠬᠦ | ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ | ᠪᠠᠭᠤᠷᠠᠭᠤᠯᠬᠤ ᠦᠨᠳᠦᠰᠦᠨ ᠬᠠᠷᠠᠯᠲᠠ ᠪᠣᠯ 18%᠂ ᠤᠷᠮᠠᠰᠢᠭᠤᠯᠬᠤ ᠬᠠᠷᠠᠯᠲᠠ ᠪᠣᠯ 20.4% ᠪᠣᠯᠤᠨ᠎ᠠ᠃ | ᠭᠤᠷᠪᠠ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠭᠤᠤᠯ ᠠᠭᠤᠯᠭ᠎ᠠ | ᠪᠦᠬᠦ ᠬᠤᠲᠠ ᠳᠤ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠶᠢ ᠨᠡᠶᠢᠲᠡ 210 ᠢᠯᠭᠠᠨ | ᠲᠣᠭᠲᠠᠭᠠᠵᠤ᠂ ᠡᠭᠦᠨ ᠳᠤ ᠤᠷᠢᠳᠠᠪᠠᠷ ᠬᠠᠮᠠᠭᠠᠯᠠᠬᠤ ᠨᠢᠭᠡᠴᠢ᠂ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ᠂ | ᠡᠩ ᠤᠨ ᠬᠠᠮᠢᠶᠠᠷᠤᠨ ᠡᠵᠡᠮᠳᠡᠬᠦ ᠨᠢᠭᠡᠴᠢ ᠵᠡᠷᠭᠡ ᠭᠤᠷᠪᠠᠨ ᠲᠥᠷᠥᠯ ᠢ ᠪᠠᠭᠲᠠᠭᠠᠵᠤ᠂ ᠲᠥᠷᠥᠯ ᠬᠤᠪᠢᠶᠠᠨ | ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ | ᠣᠷᠣᠨ ᠵᠠᠶ ᠶᠢᠨ ᠪᠠᠶᠢᠷᠢᠰᠢᠭᠤᠯᠤᠯ ᠤᠨ ᠬᠢᠵᠠᠭᠠᠷᠯᠠᠯ᠂ ᠪᠣᠬᠢᠷᠲᠤᠯ ᠲᠠᠢ ᠪᠣᠳᠠᠰ ᠢ ᠭᠠᠳᠠᠭᠰᠢᠯᠠᠭᠤᠯᠬᠤ ᠶᠢ | ᠬᠠᠮᠢᠶᠠᠷᠤᠨ ᠡᠵᠡᠮᠳᠡᠬᠦ᠂ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠡᠬᠢ ᠪᠠᠶᠠᠯᠢᠭ ᠢ | ᠠᠰᠢᠭᠯᠠᠬᠤ ᠠᠰᠢᠭᠯᠠᠮᠵᠢ ᠵᠡᠷᠭᠡ ᠲᠠᠯ᠎ᠠ ᠠᠴᠠ ᠠᠮᠢ ᠠᠬᠤᠶ ᠶᠢᠨ ᠣᠷᠴᠢᠨ ᠲᠣᠭᠤᠷᠢᠨ ᠳᠤ ᠵᠥᠪᠰᠢᠶᠡᠷᠡᠨ | ᠣᠷᠣᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠤᠶᠠᠷ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ ᠤ | ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠶᠢᠨ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠤᠨ᠎ᠠ᠂ | ᠲᠤᠬᠠᠶᠢᠯᠠᠪᠠᠯ ᠤᠯᠠᠭᠠᠨᠴᠠᠪ ᠬᠤᠲᠠ ᠶᠢᠨ ᠶᠡᠷᠦᠩᠬᠡᠶ ᠵᠥᠪᠰᠢᠶᠡᠷᠡᠨ ᠣᠷᠣᠭᠤᠯᠬᠤ ᠱᠠᠭᠠᠷᠳᠠᠯᠭ᠎ᠠ 1᠂ ᠣᠷᠴᠢᠨ | ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠶᠢᠨ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠶᠢ 210 | ᠪᠠᠶᠢᠭᠤᠯᠤᠨ᠎ᠠ᠃ | 1. ᠤᠷᠢᠳᠠᠪᠠᠷ ᠬᠠᠮᠠᠭᠠᠯᠠᠬᠤ ᠨᠢᠭᠡᠴᠢ ᠨᠡᠶᠢᠲᠡ 108 ᠪᠠᠶᠢᠵᠤ᠂ ᠳᠠᠯᠠᠪᠠᠢ ᠶᠢᠨ ᠡᠵᠡᠯᠡᠬᠦ ᠬᠠᠷᠢᠴᠠᠯ ᠨᠢ 57. | 38% ᠂ ᠭᠤᠤᠯᠳᠠᠭᠤ ᠮᠠᠨ ᠤ ᠬᠤᠲᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠡᠷᠭᠡ ᠠᠮᠢ ᠠᠬᠤᠶ ᠶᠢᠨ ᠴᠢᠳᠠᠮᠵᠢ ᠶᠢᠨ ᠴᠢᠬᠤᠯᠠ ᠣᠷᠣᠨ ᠪᠠ ᠠᠮᠢ | ᠠᠬᠤᠶ ᠶᠢᠨ ᠣᠷᠴᠢᠨ ᠲᠣᠭᠤᠷᠢᠨ ᠤ ᠰᠡᠷᠭᠡᠭ ᠣᠷᠣᠨ ᠪᠠᠭᠲᠠᠨ᠎ᠠ᠃ ᠲᠣᠰ ᠣᠷᠣᠨ ᠪᠦᠰᠡ ᠨᠢ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠪᠠᠷ ᠵᠠᠷᠴᠢᠮ ᠪᠣᠯᠭᠠᠵᠤ᠂ ᠬᠠᠤᠯᠢ ᠶᠣᠰᠣᠭᠠᠷ | ᠶᠡᠭᠡ ᠬᠡᠪᠴᠢᠶ᠎ᠡ ᠲᠠᠢ᠂ ᠥᠨᠳᠥᠷ ᠡᠷᠴᠢᠮ ᠲᠠᠢ ᠠᠵᠤ ᠦᠢᠯᠡᠳᠪᠦᠷᠢ ᠶᠢᠨ ᠨᠡᠭᠡᠭᠡᠯᠲᠡ ᠪᠠ ᠬᠤᠲᠠ ᠪᠠᠯᠭᠠᠰᠤᠨ ᠤ | ᠪᠥᠲᠥᠭᠡᠨ ᠪᠠᠶᠢᠭᠤᠯᠤᠯᠲᠠ ᠶᠢ ᠴᠠᠭᠠᠵᠠᠯᠠᠬᠤ ᠪᠤᠶᠤ ᠬᠢᠵᠠᠭᠠᠷᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ | ᠴᠢᠳᠠᠮᠵᠢ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ | 2. ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠨᠡᠶᠢᠲᠡ 91 ᠪᠠᠶᠢᠵᠤ᠂ ᠳᠠᠯᠠᠪᠠᠢ ᠶᠢᠨ ᠡᠵᠡᠯᠡᠬᠦ | ᠬᠠᠷᠢᠴᠠᠯ ᠨᠢ 20.83%᠂ ᠭᠤᠤᠯᠳᠠᠭᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠲᠠ᠂ | ᠠᠭᠤᠷᠬᠠᠶ ᠶᠢᠨ ᠣᠷᠣᠨ ᠵᠡᠷᠭᠡ ᠨᠡᠭᠡᠭᠡᠨ ᠬᠥᠭᠵᠢᠭᠦᠯᠬᠦ ᠡᠷᠴᠢᠮ ᠢᠶᠠᠷ ᠥᠨᠳᠥᠷ᠂ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠪᠠᠷ ᠶᠡᠭᠡ᠂ ᠣᠷᠴᠢᠨ ᠲᠣᠭᠤᠷᠢᠨ ᠤ ᠠᠰᠠᠭᠤᠳᠠᠯ ᠬᠠᠷᠢᠴᠠᠩᠭᠤᠶ ᠲᠥᠪᠯᠡᠷᠡᠭᠰᠡᠨ ᠣᠷᠣᠨ ᠪᠦᠰᠡ ᠵᠢᠴᠢ ᠠᠮᠢ | ᠠᠬᠤᠶ ᠶᠢᠨ ᠤᠰᠤ ᠬᠠᠩᠭᠠᠬᠤ ᠣᠷᠣᠨ ᠵᠡᠷᠭᠡ ᠶᠢ ᠪᠠᠭᠲᠠᠭᠠᠨ᠎ᠠ᠃ ᠲᠣᠰ ᠣᠷᠣᠨ ᠪᠦᠰᠡ ᠳᠤ ᠡᠬᠢ ᠪᠠᠶᠠᠯᠢᠭ ᠤᠨ | ᠠᠰᠢᠭᠯᠠᠯᠲᠠ ᠶᠢᠨ ᠠᠰᠢᠭᠯᠠᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠣᠬᠢᠷᠲᠤᠯ ᠲᠠᠢ ᠪᠣᠳᠠᠰ ᠤᠨ | ᠭᠠᠳᠠᠭᠰᠢᠯᠠᠭᠤᠯᠤᠯᠲᠠ ᠶᠢ ᠡᠵᠡᠮᠳᠡᠬᠦ ᠪᠠ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠬᠠᠨᠳᠤᠯᠭᠠᠲᠤ ᠴᠢᠨᠠᠷᠲᠠᠶ ᠪᠠᠷ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠨᠢ | ᠪᠠᠷᠢᠮᠵᠢᠶ᠎ᠠ ᠳᠤ ᠬᠦᠷᠬᠦ ᠥᠬᠡᠶ᠂ ᠠᠮᠢ ᠠᠬᠤᠶ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠤᠷᠤᠰᠢᠬᠤ ᠵᠡᠷᠭᠡ | ᠠᠰᠠᠭᠤᠳᠠᠯ ᠢ ᠰᠢᠢᠳᠪᠦᠷᠢᠯᠡᠨ᠎ᠡ᠃ | 3. ᠡᠩ ᠤᠨ ᠬᠠᠮᠢᠶᠠᠷᠤᠨ ᠡᠵᠡᠮᠳᠡᠬᠦ ᠨᠢᠭᠡᠴᠢ ᠨᠡᠶᠢᠲᠡ 11 ᠪᠠᠶᠢᠵᠤ᠂ ᠳᠠᠯᠠᠪᠠᠢ ᠶᠢᠨ ᠡᠵᠡᠯᠡᠬᠦ ᠬᠠᠷᠢᠴᠠᠯ ᠨᠢ | 21.79%᠂ ᠨᠢᠭᠡᠴᠢ ᠪᠠ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠠᠴᠠ ᠪᠤᠰᠤᠳ ᠨᠢ ᠡᠩ ᠤᠨ | ᠬᠠᠮᠢᠶᠠᠷᠤᠨ ᠡᠵᠡᠮᠳᠡᠬᠦ ᠨᠢᠭᠡᠴᠢ ᠪᠣᠯᠤᠨ᠎ᠠ᠃ ᠲᠤᠰ ᠣᠷᠣᠨ ᠪᠥᠰᠡ ᠨᠢ ᠭᠤᠣᠯᠳᠠᠭᠤ ᠠᠮᠢ ᠠᠬᠤᠢ ᠶᠢᠨ ᠣᠷᠴᠢᠨ ᠢ | ᠬᠠᠮᠠᠭᠠᠯᠠᠬᠤ ᠦᠨᠳᠦᠰᠦᠨ ᠱᠠᠭᠠᠷᠳᠠᠯᠭ᠎ᠠ ᠶᠢ ᠬᠡᠷᠡᠭᠵᠢᠭᠦᠯᠦᠨ᠎ᠡ᠃ | ᠳᠥᠷᠪᠡ᠂ ᠵᠠᠰᠠᠪᠤᠷᠢ ᠣᠷᠣᠭᠤᠯᠤᠭᠰᠠᠨ ᠠᠴᠢ ᠬᠤᠯᠪᠣᠭᠳᠠᠯ | ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠠᠮᠢ ᠠᠬᠤᠶ ᠶᠢᠨ ᠴᠢᠳᠠᠮᠵᠢ ᠶᠢ ᠪᠠᠭᠤᠷᠠᠭᠤᠯᠬᠤ ᠥᠬᠡᠶ᠂ | ᠣᠷᠴᠢᠨ ᠲᠣᠭᠤᠷᠢᠨ ᠤ ᠶᠠᠰᠤ ᠴᠢᠨᠠᠷ ᠢ ᠪᠠᠭᠤᠷᠠᠭᠤᠯᠬᠤ ᠥᠬᠡᠶ᠂ ᠡᠬᠢ ᠪᠠᠶᠠᠯᠢᠭ ᠣᠷᠴᠢᠨ ᠲᠣᠭᠤᠷᠢᠨ ᠤ | ᠳᠠᠭᠠᠭᠠᠴᠠ ᠶᠢ ᠪᠠᠭᠤᠷᠠᠭᠤᠯᠬᠤ ᠥᠬᠡᠶ ᠪᠠᠶᠢᠬᠤ ᠪᠠᠷ ᠬᠤᠷᠢᠭ᠎ᠠ ᠱᠤᠭᠤᠮ ᠪᠤᠯᠭᠠᠵᠤ᠂ ᠤᠯᠠᠭᠠᠨᠴᠠᠪ ᠤᠨ ᠠᠮᠢ | ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ | ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠬᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠢᠶᠠᠷᠤᠨ | ᠡᠵᠡᠮᠳᠡᠬᠦ ᠨᠢᠭᠡᠴᠢ ᠵᠢᠴᠢ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠵᠡᠷᠭᠡ ᠳᠤ ᠰᠢᠰᠲ᠋ᠧᠮ ᠲᠠᠢ | ᠲᠣᠬᠢᠷᠠᠭᠤᠯᠤᠯᠲᠠ ᠬᠢᠵᠦ᠂ 2021 ᠬᠡᠪᠯᠡᠯ ᠲᠠᠢ ᠬᠠᠷᠢᠴᠠᠭᠤᠯᠪᠠᠯ᠂ ᠡᠯ᠎ᠡ ᠬᠤᠪᠢᠶᠠᠭᠰᠠᠨ ᠲᠣᠭᠤᠷᠢᠭ ᠤᠨ | ᠲᠠᠯᠠᠪᠠᠶ ᠶᠢᠨ ᠨᠡᠮᠡᠭᠳᠡᠯ ᠬᠠᠰᠤᠭᠳᠠᠯ ᠤᠨ ᠬᠠᠷᠢᠴᠠᠯ ᠢ ᠦᠨᠳᠦᠰᠦᠨ ᠳᠡᠭᠡᠨ 5% ᠶᠢᠨ ᠳᠣᠲᠣᠷ᠎ᠠ ᠪᠠᠶᠢᠯᠭᠠᠵᠤ᠂ | ᠰᠢᠨᠡᠳᠭᠡᠬᠦ ᠠᠴᠠ ᠡᠮᠦᠨ᠎ᠡ ᠬᠤᠶᠢᠨᠠᠬᠢ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠯ ᠤᠨ ᠲᠠᠷᠬᠠᠯᠲᠠ ᠳᠤ | ᠦᠨᠳᠦᠰᠦᠨ ᠳᠤ ᠪᠠᠨ ᠶᠡᠭᠡ ᠬᠤᠪᠢᠷᠠᠯᠲᠠ ᠭᠠᠷᠭᠠᠭᠰᠠᠨ ᠥᠬᠡᠶ᠂ ᠤᠯᠠᠭᠠᠨᠴᠠᠪ ᠬᠤᠲᠠ ᠶᠢᠨ ᠠᠮᠢ ᠠᠬᠤᠶ ᠶᠢᠨ | ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠪᠦᠲᠦᠮᠵᠢᠲᠡᠶ ᠪᠠᠶᠢᠭᠤᠯᠵᠤ᠂ | ᠤᠯᠠᠭᠠᠨᠴᠠᠪ ᠬᠤᠲᠠ ᠶᠢᠨ ᠪᠣᠬᠢᠷᠲᠤᠯ ᠥᠬᠡᠶ᠂ ᠴᠢᠨᠠᠷ ᠰᠠᠶᠢᠲᠠᠶ ᠬᠥᠭᠵᠢᠯᠲᠡ ᠳᠤ ᠴᠢᠬᠤᠯᠠ ᠲᠤᠯᠭᠠᠭᠤᠷᠢᠯᠠᠯ | ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠪᠣᠯᠤᠨ᠎ᠠ᠃ | ︵ᠨᠢᠭᠡ︶ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ᠎ᠡ᠃ ᠠᠮᠢ ᠠᠬᠤᠶ ᠶᠢᠨ | ᠣᠷᠴᠢᠨ ᠲᠣᠭᠤᠷᠢᠨ ᠤ ᠤᠷᠤᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠬᠢᠭᠡᠳ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠵᠣᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ | ᠬᠠᠮᠢᠶ᠎ᠠ ᠪᠥᠬᠦᠶ ᠬᠠᠤᠯᠢ ᠲᠣᠭᠲᠠᠭᠠᠬᠤ᠂ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠠᠵᠤ | ᠦᠢᠯᠡᠰ ᠤᠨ ᠲᠥᠷᠥ ᠶᠢᠨ ᠪᠣᠳᠣᠯᠭ᠎ᠠ ᠲᠣᠭᠲᠠᠭᠠᠬᠤ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ᠂ ᠡᠬᠢ | ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠴᠢᠬᠤᠯᠠ ᠶᠡᠭᠡ ᠲᠥᠷᠥᠯ ᠵᠦᠢᠯ ᠤᠨ ᠭᠠᠵᠠᠷ ᠰᠣᠩᠭᠤᠬᠤ᠂ ᠬᠠᠤᠯᠢ | ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ᠂ ᠠᠮᠢ ᠠᠬᠤᠶ ᠶᠢᠨ ᠣᠷᠴᠢᠨ ᠲᠣᠭᠤᠷᠢᠨ ᠤ | ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠬᠤᠯᠠ ᠦᠨᠳᠦᠰᠦᠯᠡᠯ ᠪᠣᠯᠭᠠᠵᠤ᠂ ᠵᠣᠬᠢᠴᠠᠭᠤᠯᠬᠤ | ᠴᠢᠨᠠᠷᠲᠠᠶ ᠵᠠᠳᠠᠯᠤᠯᠲᠠ ᠶᠢ ᠴᠢᠩᠭᠠᠳᠬᠠᠨ᠂ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ | ᠬᠠᠮᠢᠶᠠᠷᠤᠨ ᠡᠵᠡᠮᠳᠡᠬᠦ ᠬᠠᠲᠠᠭᠤ ᠬᠢᠵᠠᠭᠠᠷᠯᠠᠯ ᠪᠠ ᠲᠥᠷᠥ ᠶᠢᠨ ᠪᠣᠳᠣᠯᠭ᠎ᠠ ᠶᠢᠨ ᠬᠥᠲᠥᠯᠦᠨ ᠳᠠᠭᠠᠭᠤᠯᠬᠤ | ᠦᠢᠯᠡᠳᠦᠯ ᠢ ᠲᠠᠰᠤᠷᠠᠯᠲᠠ ᠥᠬᠡᠶ ᠴᠢᠩᠭᠠᠳᠬᠠᠪᠠ᠃ | ︵ᠬᠤᠶᠠᠷ︶ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠶᠢ | ᠲᠤᠯᠭᠠᠭᠤᠷᠢᠯᠠᠨ᠎ᠠ᠃ ᠡᠯ᠎ᠡ ᠬᠤᠯᠪᠣᠭᠳᠠᠯ ᠪᠥᠬᠦᠶ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠳ ᠠᠮᠢ | ᠠᠬᠤᠶ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠪᠣᠬᠢᠷᠲᠤᠯ ᠢ ᠰᠡᠷᠭᠡᠶᠢᠯᠡᠨ ᠵᠠᠰᠠᠬᠤ᠂ | ᠠᠮᠢ ᠠᠬᠤᠶ ᠶᠢ ᠬᠠᠮᠠᠭᠠᠯᠠᠬᠤ᠂ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ | ᠠᠬᠢᠭᠤᠯᠬᠤ ᠴᠢᠬᠤᠯᠠ ᠦᠨᠳᠦᠰᠦᠯᠡᠯ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ | ᠭᠤᠤᠯᠳᠠᠯᠭ᠎ᠠ ᠲᠠᠢ ᠠᠭᠤᠯᠭ᠎ᠠ ᠪᠣᠯᠭᠠᠨ᠎ᠠ᠃ ᠠᠮᠢ ᠠᠬᠤᠶ ᠶᠢᠨ ᠣᠷᠴᠢᠨ ᠲᠣᠭᠤᠷᠢᠨ ᠢ ᠣᠷᠣᠨ ᠬᠤᠪᠢᠶᠠᠨ | ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠤ | ᠬᠢᠨᠠᠯᠲᠠ ᠬᠠᠮᠢᠶᠠᠷᠤᠯᠲᠠ ᠶᠢ ᠨᠠᠷᠢᠯᠢᠬᠵᠢᠭᠤᠯᠬᠤ᠂ ᠵᠢᠷᠤᠮᠵᠢᠭᠤᠯᠬᠤ᠂ ᠤᠶᠤᠨᠵᠢᠭᠤᠯᠬᠤ ᠶᠢ ᠠᠬᠢᠭᠤᠯᠤᠨ᠎ᠠ᠃ | | | | |