ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠳᠤ ᠬᠡᠮᠵᠢᠯᠲᠡ ᠶᠢᠨ ᠪᠡᠯᠡᠳᠬᠡᠮᠵᠢ ᠤᠭᠰᠠᠷᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/8
   ᠤᠯᠠᠭᠠᠨᠴᠠᠪ ᠵᠠᠰᠠᠭ ᠠᠯᠪᠠᠨ ᠥᠰᠥᠭ ﹇2020﹈ 12 ᠳ᠋ᠤᠭᠠᠷ ᠲᠣᠭᠠᠲᠤ    ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ᠄    ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠶᠢ ᠭᠦᠨᠵᠡᠭᠡᠶ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠤᠰᠤ ᠲᠠᠷᠢᠶᠠᠯᠠᠩ ︹2020︺107 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠠᠵᠢᠯ ᠢ ᠲᠦᠷᠭᠡᠳᠬᠡᠨ ᠠᠬᠢᠭᠤᠯᠵᠤ᠂ ᠨᠠᠷᠢᠨ ᠨᠢᠮᠪᠠᠶ ᠪᠤᠳᠤᠵᠤ ᠰᠠᠶᠢᠲᠤᠷ ᠬᠡᠷᠡᠭᠯᠡᠨ ᠤᠰᠤᠨ ᠤ ᠡᠬᠢ ᠪᠠᠶᠠᠯᠢᠭ ᠢ ᠭᠦᠢᠴᠡᠳ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠶᠡᠷᠦᠩᠬᠡᠶ ᠠᠵᠢᠯ ᠤᠨ ᠬᠠᠷᠠᠯᠲᠠ    ᠪᠥᠬᠦ ᠬᠤᠲᠠ ᠶᠢᠨ ᠤᠰᠤ ᠬᠡᠷᠡᠭᠯᠡᠬᠦ ᠬᠠᠮᠢᠶᠠᠷᠤᠯᠲᠠ᠂ ᠤᠰᠤ ᠬᠡᠷᠡᠭᠯᠡᠬᠦ ᠬᠡᠮᠵᠢᠶ᠎ᠡ ᠶᠢ ᠬᠢᠨᠠᠨ ᠬᠡᠮᠵᠢᠬᠦ ᠪᠠ ᠤᠰᠤᠨ ᠤ ᠰᠦᠢᠳᠬᠡᠯ ᠢ ᠬᠤᠷᠢᠶᠠᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 2023 ᠣᠨ ᠤ ᠡᠴᠦᠰ ᠲᠤ ᠪᠥᠬᠦ ᠬᠤᠲᠠ ᠶᠢᠨ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ 24.53% ᠶᠢᠨ ᠰᠠᠭᠤᠷᠢᠨ ᠳᠡᠭᠡᠷ᠎ᠡ᠂ 2024 ᠣᠨ ᠤ ᠡᠴᠦᠰ ᠪᠣᠯᠬᠤ ᠳᠤ 60% ᠠᠴᠠ ᠳᠡᠭᠡᠭᠰᠢ ᠳᠤ ᠬᠦᠷᠦᠭᠦᠯᠵᠦ᠂ 2025 ᠣᠨ ᠤ ᠡᠴᠦᠰ ᠪᠣᠯᠬᠤ ᠳᠤ 100% ᠳᠤ ᠬᠦᠷᠦᠭᠦᠯᠵᠦ᠂ ︽ᠨᠢᠭᠡ ᠡᠷᠦᠬᠡ ᠳᠤ ᠨᠢᠭᠡ ᠬᠦᠰᠦᠨᠦᠭᠲᠦ︾ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠵᠦ᠂ ᠪᠤᠳᠤᠵᠤ ᠰᠦᠢᠳᠭᠡᠯ ᠬᠤᠷᠢᠶᠠᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃    ᠬᠤᠶᠠᠷ᠂ ᠪᠣᠳᠠᠲᠠᠶ ᠠᠵᠢᠯ ᠤᠨ ᠡᠭᠦᠷᠭᠡ    ᠣᠳᠣᠬᠠᠨ ᠳᠤ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠨᠡᠶᠢᠲᠡ 3945 ᠪᠠᠶᠢᠵᠤ᠂ 26.2357 ᠲᠦᠮᠡᠨ ᠡᠷᠦᠬᠡ ᠪᠠᠶᠢᠨ᠎ᠠ᠃ 2023 ᠣᠨ ᠤ ᠡᠴᠦᠰ ᠪᠣᠯᠲᠠᠯ᠎ᠠ᠂ ᠨᠢᠭᠡᠨᠲᠡ 608 ᠡᠷᠦᠬᠡ ᠤᠰᠤᠨ ᠤ ᠬᠡᠮᠵᠢᠭᠦᠷ ᠢ ᠤᠭᠰᠠᠷᠠᠵᠤ᠂ ᠤᠰᠤᠨ ᠤ ᠬᠡᠮᠵᠢᠬᠦᠷ ᠢ ᠤᠭᠰᠠᠷᠠᠭᠠᠳᠤᠢ ᠡᠷᠦᠬᠡ 3337 ᠡᠷᠦᠬᠡ ᠪᠠᠶᠢᠵᠤ᠂ ᠬᠤᠶᠠᠷ ᠵᠢᠯ ᠤᠨ ᠳᠣᠲᠣᠷ᠎ᠠ ᠪᠡᠶᠡᠯᠡᠭᠦᠯᠬᠦ ᠪᠠᠷ ᠲᠥᠯᠥᠪᠯᠡᠵᠦ ᠪᠣᠶ᠃    ︵ᠨᠢᠭᠡ︶ 2024 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ᠃ ᠪᠦᠬᠦ ᠬᠤᠲᠠ 2024 ᠣᠨ ᠳᠤ 10.1757 ᠲᠦᠮᠡᠨ ᠡᠷᠦᠬᠡ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ᠂ ᠪᠡᠶᠡᠯᠡᠭᠦᠯᠦᠭᠰᠡᠨ ᠨᠣᠷᠮ᠎ᠠ ᠨᠢ 60% ᠠᠴᠠ ᠳᠡᠭᠡᠭᠰᠢ ᠳᠤ ᠬᠦᠷᠦᠨ᠎ᠡ᠂ ᠡᠭᠦᠨ ᠳᠤ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠶᠠᠷ ᠡᠭᠦᠷᠭᠡ ᠶᠢᠨ ᠬᠡᠮᠵᠢᠶ᠎ᠡ ᠨᠢ ᠪᠠᠭ᠎ᠠ ᠬᠤᠰᠢᠭᠤ ᠰᠢᠶᠠᠨ ᠢ 2024 ᠣᠨ ᠤ ᠡᠴᠦᠰ ᠲᠤ ᠪᠡᠶᠡᠯᠡᠭᠦᠯᠬᠦ ᠨᠣᠷᠮ᠎ᠠ ᠶᠢ 100% ᠳᠤ ᠬᠦᠷᠦᠭᠦᠯᠦᠨ᠎ᠡ᠃    ︵ᠬᠤᠶᠠᠷ︶ 2025 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ᠃ ᠪᠦᠬᠦ ᠬᠤᠲᠠ 2025 ᠣᠨ ᠳᠤ 9.6237 ᠲᠦᠮᠡᠨ ᠡᠷᠦᠬᠡ ᠶᠢ ᠰᠢᠨ᠎ᠡ ᠪᠠᠷ ᠨᠡᠮᠡᠭᠳᠡᠭᠦᠯᠵᠦ᠂ ᠲᠥᠪᠯᠡᠷᠡᠭᠦᠯᠦᠨ ᠤᠰᠤ ᠬᠠᠩᠭᠠᠬᠤ ︽ᠨᠢᠭᠡ ᠡᠷᠦᠬᠡ ᠳᠤ ᠨᠢᠭᠡ ᠤᠰᠤᠨ ᠬᠡᠮᠵᠢᠬᠦᠷ︾ ᠤᠨ ᠬᠡᠮᠵᠢᠨ ᠵᠠᠷᠤᠳᠠᠯ ᠬᠤᠷᠢᠶᠠᠬᠤ ᠶᠢ 100% ᠪᠠᠷ ᠪᠦᠬᠦᠨ ᠢ ᠪᠦᠷᠬᠦᠭᠦᠯᠬᠦ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠪᠠᠷ ᠲᠥᠯᠥᠪᠯᠡᠵᠦ ᠪᠣᠶ᠃    ᠭᠤᠷᠪᠠ᠂ ᠣᠯᠠᠨ ᠲᠠᠯ᠎ᠠ ᠪᠠᠷ ᠪᠡᠯᠡ ᠮᠥᠩᠭᠦ ᠴᠤᠭᠯᠠᠭᠤᠯᠬᠤ    ︽ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠬᠤᠶᠠᠷ ᠲᠠᠯ᠎ᠠ ᠪᠠᠷ ᠬᠦᠴᠦᠯᠡᠬᠦ︾ ᠪᠡᠯᠡ ᠮᠥᠩᠭᠦ ᠴᠤᠭᠯᠠᠭᠤᠯᠬᠤ ᠵᠠᠷᠴᠢᠮ ᠢ ᠪᠠᠷᠢᠮᠲᠠᠯᠠᠨ᠂ ᠵᠠᠷᠤᠳᠠᠯ ᠤᠨ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠪᠡᠯᠡ ᠮᠥᠩᠭᠦ ᠴᠤᠭᠯᠠᠭᠤᠯᠬᠤ ᠵᠠᠭᠪᠤᠷ ᠤᠨ ᠰᠢᠨ᠎ᠡ ᠶᠢ ᠡᠭᠦᠳᠦᠨ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠬᠡᠮᠵᠢᠯᠲᠡ ᠶᠢᠨ ᠪᠡᠯᠡᠳᠬᠡᠮᠵᠢ ᠤᠭᠰᠠᠷᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠣᠯᠠᠨ ᠠᠷᠭ᠎ᠠ ᠵᠠᠮ᠂ ᠣᠯᠠᠨ ᠠᠷᠭ᠎ᠠ ᠮᠠᠶ᠋ᠢᠭ ᠢᠶᠠᠷ ᠪᠠᠲᠤᠯᠠᠨ᠎ᠠ᠃ ᠪᠤᠶ ᠪᠦᠬᠦᠢ ᠰᠢᠨᠡᠳᠬᠡᠬᠦ᠂ ᠥᠭᠡᠷᠡᠴᠢᠯᠡᠬᠦ᠂ ᠥᠷᠭᠡᠳᠬᠡᠨ ᠪᠠᠶᠢᠭᠤᠯᠬᠤ ᠪᠠᠷᠢᠯᠭ᠎ᠠ ᠳᠤ ᠴᠥᠮ ᠬᠡᠮᠵᠢᠯᠲᠡ ᠶᠢᠨ ᠪᠡᠯᠡᠳᠬᠡᠮᠵᠢ ᠶᠢ ᠵᠡᠷᠭᠡ ᠳᠤᠨᠢ ᠤᠭᠰᠠᠷᠠᠭᠤᠯᠬᠤ ᠬᠡᠷᠡᠭᠲᠡᠶ᠃ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠭᠰᠠᠨ ᠦᠭᠡᠶ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠶᠢ ᠳᠣᠤᠷᠠᠬᠢ ᠠᠷᠭ᠎ᠠ ᠵᠠᠮ ᠢᠶᠠᠷ ᠳᠠᠮᠵᠢᠭᠤᠯᠤᠨ ᠪᠡᠯᠡ ᠮᠥᠩᠭᠦ ᠴᠤᠭᠯᠠᠭᠤᠯᠤᠨ ᠰᠢᠢᠳᠪᠦᠷᠢᠯᠡᠬᠦ ᠬᠡᠷᠡᠭᠲᠡᠶ᠃    ︵ᠨᠢᠭᠡ︶ ᠲᠠᠷᠢᠶᠠᠯᠠᠩ ᠤᠨ ᠪᠣᠭᠤᠮᠲᠠ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠠᠰᠢᠭᠯᠠᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠦᠢᠯᠡᠳᠦᠯ ᠢᠶᠠᠨ ᠪᠠᠳᠠᠷᠠᠭᠤᠯᠵᠤ᠂ ᠲᠠᠷᠢᠶᠠᠯᠠᠩ ᠤᠨ ᠪᠣᠭᠤᠮᠲᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠠᠰᠢᠭᠯᠠᠵᠤ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃    ︵ᠬᠤᠶᠠᠷ︶ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠭᠤᠯᠤᠯᠲᠠ ᠶᠢ ᠭᠦᠢᠴᠡᠳ ᠠᠰᠢᠭᠯᠠᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠨᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠭᠦᠢᠴᠡᠳ ᠠᠰᠢᠭᠯᠠᠨ᠂ ᠪᠡᠯᠡ ᠮᠥᠩᠭᠦ ᠶᠢ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠳᠤ ᠬᠡᠷᠡᠭᠯᠡᠬᠦ ᠬᠡᠷᠡᠭᠲᠡᠶ᠃    ︵ᠭᠤᠷᠪᠠ︶ ᠣᠯᠠᠨ ᠲᠠᠯ᠎ᠠ ᠠᠴᠠ ᠨᠡᠶᠢᠭᠡᠮ ᠤᠨ ᠪᠡᠯᠡ ᠮᠦᠩᠭᠦ ᠶᠢ ᠴᠤᠭᠯᠠᠭᠤᠯᠤᠨ᠎ᠡ᠃ ᠠᠰᠢᠭ ᠬᠦᠷᠲᠡᠭᠰᠡᠨ ᠬᠥᠮᠦᠨ ᠠᠮᠠ ᠨᠡᠯᠢᠶᠡᠳ ᠠᠷᠪᠢᠨ᠂ ᠤᠰᠤ ᠬᠠᠩᠭᠠᠬᠤ ᠦᠷ᠎ᠡ ᠠᠰᠢᠭ ᠢᠶᠠᠷ ᠨᠡᠯᠢᠶᠡᠳ ᠰᠠᠶᠢᠨ ᠤᠰᠤ ᠬᠠᠩᠭᠠᠬᠤ ᠢᠨᠵᠧᠨᠧᠷᠢᠩ ᠲᠤ ᠠᠵᠤ ᠠᠬᠤᠶᠢᠯᠠᠯ ᠠᠴᠠ ᠤᠰᠤᠨ ᠤ ᠬᠡᠮᠵᠢᠭᠦᠷ ᠢ ᠲᠥᠪᠯᠡᠷᠡᠭᠦᠯᠦᠨ ᠨᠢᠭᠡᠳᠦᠯᠲᠡᠶ ᠤᠭᠰᠠᠷᠠᠵᠤ᠂ ᠨᠢᠭᠡᠳᠦᠯᠲᠡᠶ ᠬᠠᠮᠢᠶᠠᠷᠴᠤ᠂ ᠤᠰᠤᠨ ᠤ ᠬᠡᠮᠵᠢᠭᠦᠷ ᠢ ᠤᠭᠰᠠᠷᠠᠬᠤ ᠵᠠᠷᠤᠳᠠᠯ ᠢ ᠤᠰᠤᠨ ᠵᠠᠷᠤᠳᠠᠯ ᠳᠣᠲᠣᠷ᠎ᠠ ᠠᠴᠠ ᠵᠢᠯ ᠳᠠᠷᠠᠭᠠᠯᠠᠨ ᠰᠠᠭᠤᠯᠭᠠᠨ ᠠᠪᠴᠤ᠂ ᠪᠦᠬᠦᠨ ᠢ ᠲᠠᠰᠤᠯᠤᠨ ᠳᠠᠭᠤᠰᠬᠠᠬᠤ ᠬᠡᠷᠡᠭᠲᠡᠶ᠃    ︵ᠲᠦᠷᠪᠡ︶ ᠣᠯᠠᠨ ᠲᠦᠮᠡᠨ ᠤ ᠥᠪᠡᠷᠲᠡᠭᠡᠨ ᠪᠡᠯᠡ ᠴᠤᠭᠯᠠᠭᠤᠯᠬᠤ ᠶᠢ ᠤᠬᠠᠭᠤᠯᠤᠨ ᠬᠦᠲᠦᠯᠦᠨ ᠵᠢᠯᠤᠭᠤᠳᠤᠨ᠎ᠠ᠃ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠭᠤᠯᠬᠤ ᠶᠢᠨ ᠠᠰᠢᠭ ᠲᠤᠰᠠ ᠶᠢ ᠶᠡᠬᠡᠪᠡᠷ ᠤᠬᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠥᠪᠡᠷᠲᠡᠭᠡᠨ ᠴᠤᠭᠯᠠᠭᠤᠯᠤᠭᠰᠠᠨ ᠪᠡᠯᠡ ᠮᠥᠩᠭᠦ ᠶᠢ ᠬᠡᠮᠵᠢᠯᠲᠡ ᠶᠢᠨ ᠪᠡᠯᠡᠳᠬᠡᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠣᠯᠠᠨ ᠲᠦᠮᠡᠨ ᠤ ᠤᠰᠤ ᠶᠢ ᠠᠷᠪᠢᠯᠠᠵᠤ ᠬᠡᠷᠡᠭᠯᠡᠬᠦ ᠪᠠ ᠲᠥᠯᠥᠪᠦᠷᠢ ᠲᠠᠢ ᠬᠡᠷᠡᠭᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃    ᠳᠥᠷᠪᠡ᠂ ᠠᠵᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ    ᠡᠯ᠎ᠡ ᠭᠠᠵᠠᠷ ᠤᠨ ᠬᠢᠨ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠤᠭᠰᠠᠷᠠᠬᠤ ᠶᠢᠨ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠦᠨᠡᠨ ᠬᠦ ᠨᠠᠶᠢᠳᠠᠪᠤᠷᠢᠵᠢᠭᠤᠯᠤᠨ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠶ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠠᠵᠢᠯ ᠤᠨ ᠡᠭᠦᠷᠭᠡ᠂ ᠴᠠᠭ ᠤᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ ᠤᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠵᠡᠷᠭᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠳᠤ ᠬᠡᠮᠵᠢᠯᠲᠡ ᠶᠢᠨ ᠪᠡᠯᠡᠳᠬᠡᠮᠵᠢ ᠤᠭᠰᠠᠷᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠤᠨ ᠬᠢᠨ ᠬᠠᠮᠢᠶᠠᠷᠴᠤ ᠬᠠᠮᠠᠭᠠᠯᠠᠬᠤ ᠲᠣᠭᠲᠠᠴᠠ ᠪᠠᠨ ᠪᠦᠷᠢᠨᠰᠢᠭᠦᠯᠵᠦ᠂ ᠬᠠᠮᠢᠶᠠᠷᠤᠯᠲᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ ᠤᠰᠤᠨ ᠬᠡᠮᠵᠢᠬᠦᠷ  ᠤᠨ ᠬᠡᠮᠵᠢᠯᠳᠡ ᠶᠣᠰᠣᠭᠠᠷ ᠰᠦᠢᠳᠬᠡᠯ ᠲᠤᠰᠢᠶᠠᠬᠤ ᠳᠦᠷᠢᠮ ᠢ ᠨᠠᠶᠢᠳᠠᠪᠤᠷᠢᠵᠢᠭᠤᠯᠵᠤ᠂ ᠤᠰᠤ ᠶᠢ ᠠᠷᠪᠢᠯᠠᠵᠤ ᠬᠡᠷᠡᠭᠯᠡᠬᠦ ᠦᠵᠡᠯ ᠤᠬᠠᠮᠰᠠᠷ ᠪᠣᠯᠤᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠᠨ ᠲᠠᠰᠤᠷᠠᠯᠲᠠ ᠤᠢᠭᠡᠢ ᠨᠡᠮᠡᠭᠳᠡᠭᠦᠯᠬᠦ ᠬᠡᠷᠡᠭᠲᠡᠶ᠃                                 2024 ᠣᠨ ᠤ 4 ᠰᠠᠷ᠎ᠠ ᠶᠢᠨ 10 ᠤ ᠡᠳᠦᠷ                ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2