ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/9
   7 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ 2023 ᠣᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠨ ᠵᠢᠱᠢᠯᠲᠡ ᠪᠠ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠵᠤ ᠦᠨᠡᠯᠡᠨ ᠵᠢᠱᠢᠬᠦ ᠵᠠᠷᠯᠠᠨ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾᠂ ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠥᠰᠦᠯ ︵5.0 ᠬᠡᠪᠯᠡᠯ︶︾᠂ ︽ᠤᠯᠠᠭᠠᠨᠴᠠᠪ ᠬᠤᠲᠠ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠥᠰᠦᠯ︾ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠯᠲᠡ ᠪᠣᠯᠤᠨ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠵᠤ ᠦᠨᠡᠯᠡᠨ ᠵᠢᠱᠢᠬᠦ ᠵᠠᠷᠯᠠᠨ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠲᠥᠪ ᠴᠢᠩᠭ᠎ᠠ ᠴᠢᠨᠠᠷ᠂ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠴᠢᠩᠭ᠎ᠠ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠡᠨᠡ ᠵᠢᠯ ᠤᠨ ᠬᠢᠨᠠᠨ ᠰᠢᠯᠭᠠᠬᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ ᠵᠦᠢᠯ ᠤᠨ ᠠᠵᠢᠯ ᠢ ᠬᠦᠴᠦᠲᠡᠢ ᠡᠮᠬᠢ ᠵᠢᠷᠤᠮ ᠲᠠᠢ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠡᠭᠦᠷᠭᠡ ᠬᠠᠷᠠᠯᠲᠠ ᠪᠠᠨ ᠲᠣᠳᠣᠷᠬᠠᠶᠢᠯᠠᠵᠤ᠂ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠪᠣᠯᠤᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠢᠳᠡᠪᠬᠢᠲᠡᠢ ᠠᠬᠢᠭᠤᠯᠵᠤ᠂ ᠠᠵᠠ ᠲᠣᠬᠢᠶᠠᠯ ᠢ ᠠᠮᠵᠢᠵᠤ᠂ ᠤᠨᠢᠨ ᠳᠡᠭᠡᠷ᠎ᠡ ᠨᠢ ᠬᠦᠴᠦᠯᠡᠵᠦ᠂ ᠪᠡᠯᠡ ᠣᠷᠣᠭᠤᠯᠤᠯᠲᠠ ᠶᠢᠨ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                               ᠣᠷᠴᠢᠭᠤᠯᠤᠭᠴᠢ᠄ ᠭᠤᠸ᠎ᠠ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2