ᠰᠦᠢ ᠸᠧᠢ ᠵᠢᠶᠦ᠋ᠨ ᠱᠠᠩᠳᠤ ᠰᠢᠶᠠᠨ ᠳᠤ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/9
   7 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠱᠠᠩᠳᠤ ᠰᠢᠶᠠᠨ ᠳᠤ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠶᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠰᠦᠢ ᠸᠧᠢ ᠵᠢᠶᠦ᠋ᠨ ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠬᠦᠷᠴᠦ᠂ ᠬᠤᠵᠢᠷᠯᠢᠭ ᠲᠠᠴᠢᠷ ᠢ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠴᠠᠭᠠᠨᠨᠠᠭᠤᠷ ᠤᠨ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠤᠵᠢᠷᠯᠢᠭ ᠲᠠᠴᠢᠷ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ᠂ ᠦᠨᠳᠦᠷᠴᠡ᠂ ᠨᠢᠭᠲᠠᠴᠠ ᠶᠢ ᠨᠢᠭᠲᠠ ᠮᠥᠷᠳᠡᠨ ᠬᠢᠨᠠᠨ ᠬᠡᠮᠵᠢᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠬᠡᠯᠡᠪᠡ᠃     ᠲᠦᠨ ᠺᠧᠨ ᠳ᠋ᠦᠢ ᠪᠠᠯᠭᠠᠰᠤᠨ ᠤ ᠳ᠋ᠦᠩ ᠾᠦᠸᠧ ᠹᠠᠩ ᠲᠣᠰᠬᠤᠨ ᠳᠤ᠂ ᠰᠦᠢ ᠸᠧᠢ ᠵᠢᠶᠦ᠋ᠨ ᠲᠠᠰᠢᠷᠠᠮ ᠢᠶᠠᠷ ᠡᠷᠦᠭᠡ ᠳᠤ ᠬᠦᠷᠴᠦ ᠰᠤᠷᠪᠤᠯᠵᠢᠯᠠᠨ᠂ ᠲᠣᠰᠬᠤᠨ ᠤ ᠠᠷᠠᠳ ᠲᠠᠢ ᠨᠢᠭᠤᠷᠳᠠᠨ ᠶᠠᠷᠢᠯᠴᠠᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ᠂ ᠭᠡᠷ ᠪᠦᠯᠢ ᠶᠢᠨ ᠣᠷᠣᠯᠭ᠎ᠠ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ︽ᠲᠠᠪᠤᠨ ᠱᠠᠲᠤᠨ ᠤ ᠱᠦᠵᠢ︾ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠳᠬᠤᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠬᠠᠪᠰᠤᠷᠤᠨ ᠲᠡᠳᠬᠦᠬᠦ ᠡᠬᠢ ᠪᠠᠶᠠᠯᠢᠭ ᠢ ᠪᠦᠬᠦ ᠲᠠᠯ᠎ᠠ ᠪᠠᠷ ᠨᠡᠶᠢᠳᠬᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠡᠷᠦᠭᠡ ᠶᠢᠨ ᠪᠠᠶᠢᠳᠠᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠤᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠰᠡᠷᠭᠡᠶᠢᠯᠡᠨ ᠠᠷᠢᠯᠭᠠᠵᠤ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢ ᠲᠣᠳᠣᠷᠬᠠᠢ ᠶᠠᠷᠢᠵᠤ᠂ ᠣᠷᠣᠯᠭ᠎ᠠ ᠶᠢ ᠲᠣᠳᠣᠷᠬᠠᠢ ᠪᠤᠳᠤᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃     ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠦᠶ ᠸᠧᠶ ᠵᠢᠶᠦ᠋ᠨ ᠲᠤᠬᠠᠶ ᠶᠢᠨ ᠭᠠᠵᠠᠷ ᠤᠨ ᠦᠶᠡᠷ ᠤᠰᠤᠳᠤᠯ ᠢ ᠰᠡᠷᠭᠡᠶᠢᠯᠡᠬᠦ ᠪᠡᠯᠡᠳᠬᠡᠯ ᠠᠵᠢᠯ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠣᠶᠢᠯᠠᠭᠠᠪᠠ᠃ ᠲᠡᠷᠡ᠂ ᠦᠶᠡᠷ ᠤᠰᠤᠳᠤᠯ ᠢ ᠰᠡᠷᠭᠡᠶᠢᠯᠡᠬᠦ ᠪᠡᠯᠡᠳᠬᠡᠯ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠳᠦᠷ ᠲᠤᠲᠤᠮ ᠤᠨ ᠠᠵᠢᠯ ᠳᠤ ᠬᠦᠴᠦ ᠲᠠᠯᠪᠢᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠭᠦᠨᠵᠡᠭᠡᠶ ᠵᠢᠭᠰᠠᠭᠠᠨ ᠪᠠᠶᠢᠴᠠᠭᠠᠵᠤ᠂ ᠠᠭᠤᠯᠠ ᠶᠢᠨ ᠦᠶᠡᠷ ᠤᠨ ᠭᠤᠤ ᠪᠣᠯᠤᠨ ᠵᠠᠮ ᠤᠨ ᠠᠭᠤᠯᠵᠠᠷ ᠵᠡᠷᠭᠡ ᠠᠶᠤᠯ ᠲᠦᠭᠰᠢᠭᠦᠷᠢ ᠶᠡᠬᠡᠲᠡᠶ ᠬᠡᠰᠡᠭ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠪᠠᠨ ᠭᠤᠤᠯᠳᠠᠯᠭ᠎ᠠ ᠲᠠᠢ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠤᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠰᠦᠢ ᠵᠢᠶᠠᠨ ᠬᠤᠸᠠ ᠣᠷᠣᠯᠴᠠᠪᠠ᠃                                                  ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2