ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠴᠠᠬᠢᠯᠭᠠᠨ ᠬᠦᠴᠦᠨ ᠤ ᠪᠠᠲᠤᠯᠠᠭ᠎ᠠ ᠨᠢ ᠭᠠᠯᠲᠤ ᠠᠭᠤᠯᠠ ᠶᠢᠨ ᠵᠢᠭᠤᠯᠴᠢᠯᠠᠯ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/7/9
   ᠤᠶᠢᠷ᠎ᠠ ᠶᠢᠨ ᠡᠳᠦᠷ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠭᠠᠯᠲᠤ ᠠᠭᠤᠯᠠᠨ ᠳᠤ ᠪᠤᠯᠵᠤᠵᠤ᠂ ᠵᠢᠷᠭᠠᠯᠠᠩᠳᠤ ᠵᠤᠨ ᠳᠠᠭᠠᠨ ᠵᠤᠭᠠᠴᠠᠬᠤ︾ ᠵᠢᠭᠤᠯᠴᠢᠯᠠᠯ ᠤᠨ ᠰᠣᠶᠣᠯ ᠤᠨ ᠨᠠᠶᠢᠷ ᠡᠬᠢᠯᠡᠪᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠠᠵᠢᠯᠳᠠᠨ ᠴᠠᠬᠢᠯᠭᠠᠨ ᠪᠠᠲᠤᠯᠠᠬᠤ ᠠᠵᠢᠯ ᠢ ᠰᠠᠶᠢᠳᠤᠷ ᠬᠢᠵᠦ᠂ ᠭᠠᠯᠳᠤ ᠠᠭᠤᠯᠠ ᠶᠢᠨ ᠵᠢᠭᠤᠯᠴᠢᠯᠠᠯ ᠳᠤ ᠪᠦᠬᠦ ᠲᠠᠯ᠎ᠠ ᠶᠢᠨ ᠪᠡᠯᠡᠳᠭᠡᠯ ᠬᠢᠨ᠎ᠡ᠃    ᠵᠤᠨ ᠤ ᠤᠯᠠᠷᠢᠯ ᠤᠨ ᠥᠨᠳᠥᠷ ᠳᠤᠯᠠᠭᠠᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠡᠷᠢᠭᠦᠨ ᠵᠤᠰᠠᠯᠠᠩ ᠨᠢ ᠵᠤᠭᠠᠴᠠᠭᠰᠠᠳ ᠤᠨ ᠲᠡᠷᠢᠭᠦᠨ ᠰᠤᠩᠭᠤᠯᠳᠠ ᠪᠤᠯᠤᠭᠰᠠᠨ ᠪᠠᠶᠢᠨ᠎ᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠠᠭᠤᠯᠤᠭᠳᠠᠬᠤᠨ ᠤ ᠲᠠᠰᠤᠷᠠᠯᠲᠠ ᠦᠭᠡᠢ ᠪᠠᠶᠠᠯᠢᠭᠵᠢᠬᠤ ᠶᠢ ᠳᠠᠭᠠᠯᠳᠤᠨ᠂ ︽ᠰᠣᠶᠣᠯ ᠵᠢᠭᠤᠯᠴᠢᠯᠠᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠵᠠᠮ ᠴᠦ ᠶᠠᠪᠤᠬᠤ ᠲᠤᠲᠤᠮ ᠥᠷᠭᠡᠨ ᠪᠣᠯᠵᠤ ᠪᠠᠶᠢᠨ᠎ᠠ᠃    ᠲᠠᠯ᠎ᠠ ᠨᠤᠲᠤᠭ ᠤᠨ ᠭᠠᠯᠲᠤ ᠠᠭᠤᠯᠠ ᠶᠢᠨ ᠬᠤᠷᠮᠣᠶ ᠳᠤ ᠬᠥᠬᠡ ᠥᠩᠭᠡᠲᠡᠶ ᠠᠵᠢᠯ ᠤᠨ ᠬᠤᠪᠴᠠᠰᠤ ᠡᠮᠦᠰᠦᠭᠰᠡᠨ ᠠᠵᠢᠯᠳᠠᠳ ᠦᠵᠡᠮᠵᠢ ᠶᠢᠨ ᠣᠷᠣᠨ ᠢᠶᠠᠷ ᠰᠦᠯᠵᠢᠯᠳᠦᠨ ᠶᠠᠪᠤᠵᠤ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠳᠠᠯᠳᠠ ᠭᠡᠮ ᠢ ᠲᠠᠰᠤᠷᠠᠯᠲᠠ ᠤᠢᠭᠡᠢ ᠵᠢᠭᠰᠠᠭᠠᠨ ᠪᠠᠶᠢᠴᠠᠭᠠᠵᠤ᠂ ᠦᠵᠡᠮᠵᠢ ᠶᠢᠨ ᠣᠷᠣᠨ ᠤ ᠴᠠᠬᠢᠯᠭᠠᠨ ᠬᠦᠴᠦᠨ ᠤ ᠬᠠᠩᠭᠠᠯᠭ᠎ᠠ ᠶᠢᠨ ᠲᠣᠭᠲᠠᠭᠤᠨ ᠪᠥᠭᠡᠳ ᠨᠠᠶᠢᠳᠠᠪᠤᠷᠢᠲᠠᠶ ᠪᠠᠶᠢᠬᠤ ᠶᠢ ᠪᠠᠲᠤᠯᠠᠵᠦ ᠪᠠᠶᠢᠳᠠᠭ᠃ ᠵᠤᠭᠠᠴᠠᠭᠰᠠᠳ ᠲᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠤᠯᠠᠭᠠᠨᠴᠠᠪ ᠤᠨ ᠭᠠᠯᠲᠤ ᠠᠭᠤᠯᠠ ᠶᠢᠨ ᠠᠷᠠᠳ ᠤᠨ ᠪᠠᠭᠤᠴᠠ ᠶᠢᠨ ᠬᠢᠨ ᠨᠢᠭᠡ ᠪᠦᠯᠦᠭ ᠬᠥᠯᠳᠡᠭᠡᠬᠦ ᠲᠥᠬᠦᠭᠡᠷᠦᠮᠵᠢ ᠶᠢ ᠤᠷᠤᠭᠤᠯᠤᠨ ᠠᠪᠴᠤ᠂ ᠴᠠᠬᠢᠯᠭᠠᠨ ᠡᠭᠦᠰᠭᠡᠭᠴᠢ ᠳᠤ ᠴᠠᠬᠢᠯᠭᠠᠨ ᠵᠠᠯᠭᠠᠬᠤ ᠴᠢᠬᠤᠯᠠᠲᠠᠶ ᠬᠡᠬᠦ ᠤᠲᠠᠰᠤ ᠶᠢ ᠬᠦᠯᠢᠶᠡᠨ ᠠᠪᠤᠮᠠᠭᠴᠠ᠂ ᠲᠣᠰ ᠺᠣᠮᠫᠠᠨᠢ ᠶᠢᠨ ᠠᠵᠢᠯᠳᠠᠨ ᠲᠤᠬᠠᠶ ᠶᠢᠨ ᠲᠠᠯᠠᠪᠤᠷ ᠲᠤ ᠬᠦᠷᠴᠦ᠂ ᠬᠦᠮᠦᠰ ᠢ ᠬᠠᠪᠰᠤᠷᠤᠨ ᠬᠡᠷᠬᠢᠨ ᠠᠵᠢᠯᠯᠠᠬᠤ ᠲᠤᠬᠠᠶ ᠲᠥᠯᠥᠪᠯᠡᠵᠦ᠂ ᠬᠠᠭᠠᠰ ᠡᠳᠦᠷ ᠴᠦ ᠬᠡᠷᠡᠭᠯᠡᠬᠦ ᠦᠭᠡᠢ ᠪᠠᠷ ᠤᠷᠤᠰᠢᠵᠤ ᠪᠠᠶᠢᠬᠤ ᠠᠰᠠᠭᠤᠳᠠᠯ ᠢ ᠨᠢ ᠪᠦᠬᠦᠨ ᠢ ᠰᠢᠢᠳᠪᠦᠷᠢᠯᠡᠵᠦ ᠦᠭᠭᠦᠨ᠎ᠡ᠃    ᠵᠢᠭᠤᠯᠴᠢᠯᠠᠯ ᠤᠨ ᠰᠣᠶᠣᠯ ᠤᠨ ᠨᠠᠶᠢᠷ ᠤᠨ ᠬᠤᠭᠤᠴᠠᠭᠠᠨ ᠳᠤ ᠴᠠᠬᠢᠯᠭᠠᠨ ᠬᠠᠩᠭᠠᠬᠤ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠣᠶᠢᠷ᠎ᠠ ᠶᠢᠨ ᠡᠳᠦᠷ ᠴᠠᠬᠢᠯᠭᠠᠨ ᠲᠣᠤᠷ ᠤᠨ ᠠᠵᠢᠯᠯᠠᠭᠠᠨ ᠤ ᠣᠨᠴᠠᠯᠢᠭ᠂ ᠳᠠᠭᠠᠭᠠᠴᠠ ᠶᠢᠨ ᠣᠨᠴᠠᠯᠢᠭ ᠵᠢᠴᠢ ᠴᠠᠭ ᠠᠭᠤᠷ ᠤᠨ ᠪᠠᠶᠢᠳᠠᠯ ᠢ ᠦᠨᠳᠦᠰᠦᠯᠡᠨ᠂ ᠵᠢᠭᠤᠯᠴᠢᠯᠠᠯ ᠤᠨ ᠰᠣᠶᠣᠯ ᠤᠨ ᠨᠠᠶᠢᠷ ᠤᠨ ᠴᠠᠬᠢᠯᠭᠠᠨ ᠬᠠᠩᠭᠠᠯᠭ᠎ᠠ ᠶᠢ ᠪᠠᠲᠤᠯᠠᠬᠤ ᠲᠥᠰᠦᠯ ᠢ ᠤᠷᠢᠳᠴᠢᠯᠠᠨ ᠲᠣᠭᠲᠠᠭᠠᠵᠤ᠂ ᠴᠠᠬᠢᠯᠭᠠᠨ ᠪᠠᠲᠤᠯᠠᠬᠤ ᠠᠵᠢᠯ ᠢ ᠪᠠᠶᠢᠷᠢᠯᠠᠭᠤᠯᠵᠤ᠂ ᠠᠵᠢᠯᠲᠠᠨ ᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠰᠠᠶᠢᠲᠤᠷ ᠨᠠᠶᠢᠳᠠᠪᠤᠷᠢᠵᠢᠭᠤᠯᠪᠡ᠃ ᠡᠯ᠎ᠡ ᠡᠭᠡᠯᠵᠢ ᠶᠢᠨ ᠬᠢᠨ ᠴᠠᠬᠢᠯᠭᠠᠨ ᠬᠠᠩᠭᠠᠬᠤ ᠭᠠᠵᠠᠷ ᠢ ᠢᠳᠡᠪᠬᠢᠲᠡᠶ ᠳᠣᠭᠢᠷᠠᠭᠤᠯᠤᠨ ᠲᠣᠰ ᠲᠣᠰ ᠤᠨ ᠬᠠᠷᠢᠶ᠎ᠠ ᠣᠷᠣᠨ ᠤ ᠪᠠᠨ ᠵᠠᠮ ᠱᠤᠭᠤᠮ ᠵᠢᠴᠢ ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠦ ᠪᠠᠶᠢᠨ᠎ᠠ︔ ᠴᠠᠬᠢᠯᠭᠠᠨ ᠬᠠᠩᠭᠠᠬᠤ ᠶᠢ ᠪᠠᠲᠤᠯᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠬᠦ ᠶᠢᠨ ᠬᠠᠮᠲᠤ᠂ ᠬᠥᠮᠦᠰ ᠢ ᠵᠣᠬᠢᠶᠠᠨ ᠪᠠᠶᠢᠭᠤᠯᠤᠨ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ᠂ ᠡᠯ᠎ᠡ ᠦᠵᠡᠮᠵᠢ ᠶᠢᠨ ᠣᠷᠣᠨ᠂ ᠪᠠᠭᠤᠳᠠᠯ᠂ ᠠᠷᠠᠳ ᠤᠨ ᠪᠠᠭᠤᠴᠠ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠴᠠᠬᠢᠯᠭᠠᠨ ᠬᠡᠷᠡᠭᠯᠡᠬᠦ ᠪᠡᠯᠡᠳᠬᠡᠮᠵᠢ ᠵᠢᠴᠢ ᠴᠠᠬᠢᠯᠭᠠᠨ ᠴᠡᠨᠡᠭᠯᠡᠬᠦ ᠪᠠᠭᠠᠨ᠎ᠠ ᠵᠡᠷᠭᠡ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠪᠠᠶᠢᠳᠠᠯ ᠳᠤ ︽ᠠᠯᠪᠠᠨ ᠵᠢᠷᠤᠮ ᠤᠨ ᠡᠮᠴᠢᠯᠡᠭᠡ︾ ᠥᠷᠨᠢᠭᠦᠯᠪᠡ︔ ᠲᠠᠯᠠᠪᠤᠷ ᠭᠠᠵᠠᠷ ᠤᠨ ᠴᠠᠬᠢᠯᠭᠠᠨ ᠡᠭᠦᠰᠭᠡᠭᠴᠢ ᠶᠢᠨ ᠲᠣᠬᠢᠷᠠᠭᠤᠯᠤᠯᠲᠠ᠂ ᠴᠠᠬᠢᠯᠭᠠᠨ ᠬᠦᠴᠦᠨ ᠤ ᠱᠤᠭᠤᠮ ᠳᠤ ᠣᠷᠣᠰᠢᠵᠤ ᠪᠠᠶᠢᠭ᠎ᠠ ᠪᠠᠭᠤᠷᠠᠶ ᠭᠤᠭᠴᠤᠭ᠎ᠠ ᠵᠢᠴᠢ ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ ᠵᠢᠭᠰᠠᠭᠠᠨ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠳᠠᠯᠳᠠ ᠬᠡᠮ ᠢ ᠪᠠᠶᠢᠴᠠᠭᠠᠨ ᠵᠢᠭᠰᠠᠭᠠᠵᠤ᠂ ᠦᠵᠡᠮᠵᠢ ᠶᠢᠨ ᠣᠷᠣᠨ ᠢ ᠬᠠᠪᠰᠤᠷᠤᠨ ᠴᠠᠭ ᠲᠤᠬᠠᠶ ᠳᠤᠨᠢ ᠳᠤᠲᠠᠭᠳᠠᠯ ᠢ ᠴᠡᠭᠴᠡᠯᠡᠨ ᠰᠠᠶᠢᠵᠢᠷᠠᠭᠤᠯᠵᠤ᠂ ᠴᠠᠬᠢᠯᠭᠠᠨ ᠬᠡᠷᠡᠭᠯᠡᠬᠦ ᠠᠳᠡᠯ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠪᠠ᠃ ᠬᠡᠷᠡᠭᠯᠡᠭᠴᠢᠳ ᠲᠤ ᠴᠢᠨᠠᠷ ᠰᠠᠶᠢᠲᠠᠶ ᠳᠥᠭᠦᠮ ᠳᠥᠲᠡ ᠵᠠᠯᠭᠠᠮᠵᠢ ᠴᠠᠬᠢᠯᠭᠠᠨ ᠬᠠᠩᠭᠠᠬᠤ ᠮᠥᠷᠳᠡᠬᠦ ᠦᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠵᠤ᠂ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠲᠦᠷᠭᠡᠪᠴᠢᠯᠡᠨ ᠳᠠᠭᠠᠨ᠎ᠠ᠃ ᠵᠢᠭᠤᠯᠴᠢᠯᠠᠯ ᠤᠨ ᠰᠣᠶᠣᠯ ᠤᠨ ᠨᠠᠶᠢᠷ ᠢᠶᠠᠷ᠂ ᠲᠣᠰ ᠺᠣᠮᠫᠠᠨᠢ ᠪᠠᠰᠠ ᠥᠪᠥᠷ ᠮᠣᠩᠭᠤᠯ ᠤᠨ ᠴᠠᠬᠢᠯᠭᠠᠨ ᠤ ︽E ᠬᠡᠷ︾᠂ ︽ᠮᠥᠩᠬᠡ ᠰᠤᠪᠠᠭ︾ APP ᠶᠢ ᠶᠡᠬᠡᠪᠡᠷ ᠳᠡᠯᠭᠡᠷᠡᠭᠦᠯᠵᠦ᠂ ᠬᠡᠷᠡᠭᠯᠡᠭᠴᠢᠳ ᠤᠨ ᠬᠡᠷ ᠠᠴᠠ ᠪᠠᠨ ᠭᠠᠷᠬᠤ ᠥᠬᠡᠶ ᠪᠠᠷ ᠡᠯ᠎ᠡ ᠲᠥᠷᠥᠯ ᠤᠨ ᠴᠠᠬᠢᠯᠭᠠᠨ ᠬᠡᠷᠡᠭᠯᠡᠬᠦ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠲᠥᠬᠦᠮ ᠦᠵᠡᠭᠦᠯᠵᠦ᠂ ᠳᠥᠭᠦᠮ ᠳᠥᠲᠡ᠂ ᠥᠨᠳᠥᠷ ᠪᠦᠲᠦᠮᠵᠢᠲᠡᠶ ᠴᠠᠬᠢᠯᠭᠠᠨ ᠬᠦᠴᠦᠨ ᠤ ᠦᠢᠯᠡᠴᠢᠯᠡᠭᠡ ᠶᠢ ᠦᠨᠡᠨ ᠬᠦ ᠬᠠᠩᠭᠠᠵᠤ᠂ ᠵᠢᠭᠤᠯᠴᠢᠯᠠᠯ ᠤᠨ ᠰᠣᠶᠣᠯ ᠤᠨ ᠨᠠᠶᠢᠷ ᠤᠨ ᠤᠷᠤᠭᠰᠢᠳᠠᠢ ᠶᠠᠪᠤᠭᠳᠠᠬᠤ ᠳᠤ ᠬᠦᠴᠦᠨ ᠨᠡᠮᠡᠷᠢᠯᠡᠪᠡ᠃    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠡᠯ᠎ᠡ ᠦᠵᠡᠮᠵᠢ ᠶᠢᠨ ᠣᠷᠣᠨ ᠢ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠬᠤᠣᠰ ᠲᠣᠣᠷ ᠢ ᠠᠭᠤᠰᠤᠯᠴᠠᠭᠤᠯᠬᠤ᠂ ᠬᠤᠶᠠᠷ ᠢ ᠬᠠᠮᠲᠤ ᠪᠠᠷ ᠪᠠᠶᠢᠭᠤᠯᠬᠤ︾ ᠦᠢᠯᠡᠴᠢᠯᠡᠭᠡᠨ ᠤ ᠵᠠᠭᠪᠤᠷ ᠢ ᠥᠷᠭᠡᠳᠬᠡᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠴᠠᠬᠢᠯᠭᠠᠨ ᠬᠦᠴᠦᠨ ᠤ ᠨᠠᠶᠢᠳᠠᠪᠤᠷᠢᠲᠠᠢ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠭᠠᠯᠲᠤ ᠠᠭᠤᠯᠠ ᠶᠢᠨ ᠵᠤᠭᠠᠴᠠᠯ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2