︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠲᠦᠷᠢᠮ︾ ᠤᠨ ᠲᠣᠭᠲᠠᠭᠠᠯ ᠶᠣᠰᠣᠭᠠᠷ᠂ ︽ᠤᠯᠠᠭᠠᠨᠴᠠᠪ ᠬᠤᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ︵ᠤᠯᠠᠭᠠᠨᠴᠠᠪ ᠨᠠᠮ ᠲᠠᠷᠬᠠᠭᠠᠭᠰᠠᠨ ︹2020︺ 6 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢ ᠬᠥᠳᠡᠯᠦᠩᠭᠦᠶ ᠪᠠᠷ ᠳᠣᠭᠢᠷᠠᠭᠤᠯᠪᠠ᠃ ᠲᠣᠬᠢᠷᠠᠭᠤᠯᠤᠯᠲᠠ ᠬᠢᠭᠰᠡᠨ ᠤ | ᠳᠠᠷᠠᠭ᠎ᠠ᠂ ᠤᠯᠠᠭᠠᠨᠴᠠᠪ ᠬᠤᠲᠠ ᠶᠢᠨ ᠲᠣᠰ ᠱᠠᠲᠤᠨ ᠤ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠭ᠎ᠠ ᠶᠢ 33 ᠪᠠᠶᠢᠭᠰᠠᠨ ᠢ 32 ᠪᠣᠯᠭᠠᠨ ᠲᠣᠬᠢᠷᠠᠭᠤᠯᠵᠤ᠂ ᠬᠠᠤᠯᠢ ᠴᠠᠭᠠᠵᠠ ᠬᠠᠤᠯᠢ | ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢ 19 ᠪᠠᠶᠢᠭᠰᠠᠨ ᠠᠴᠠ 16 ᠪᠣᠯᠭᠠᠨ | ᠲᠣᠬᠢᠷᠠᠭᠤᠯᠵᠤ᠂ ᠲᠣᠬᠢᠷᠠᠭᠤᠯᠤᠭᠰᠠᠨ ᠤ ᠳᠠᠷᠠᠭᠠᠬᠢ ᠤᠯᠠᠭᠠᠨᠴᠠᠪ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠡᠶᠡᠴᠢ ᠴᠣᠭᠴᠠ ᠨᠢ ᠳᠣᠤᠷᠠᠬᠢ ᠮᠡᠲᠦ᠄ | ᠨᠢᠭᠡ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ︵32 ᠨᠢᠭᠡᠴᠢ︶ | 1. ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ | ᠪᠣᠳᠠᠰ ᠨᠥᠭᠡᠴᠡᠯᠡᠬᠦ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶ | 2. ᠤᠯᠠᠭᠠᠨᠴᠠᠪ ᠬᠤᠳᠠ ᠶᠢᠨ ᠰᠤᠷᠭᠠᠨ ᠬᠦᠮᠦᠵᠢᠯ ᠤᠨ ᠳᠤᠪᠴᠢᠶ᠎ᠡ | 3. ᠤᠯᠠᠭᠠᠨᠴᠠᠪ ᠬᠤᠳᠠ ᠶᠢᠨ ᠠᠷᠠᠳ ᠤᠨ ᠶᠠᠪᠤᠳᠠᠯ ᠤᠨ ᠳᠤᠪᠴᠢᠶ᠎ᠠ | 4. ᠤᠯᠠᠭᠠᠨᠴᠠᠪ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ | 5. ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ | 6. ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | 7. ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | 8. ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ | 9. ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | 10᠂ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠭᠠᠵᠠᠷ | ᠬᠥᠳᠡᠯᠦᠯᠲᠡ ᠶᠢᠨ ᠲᠣᠪᠴᠢᠶ᠎ᠠ︶ | 11. ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ | 12. ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ | ᠳᠤᠷᠠᠰᠬᠠᠯᠲᠤ ᠵᠦᠢᠯ ᠤᠨ ᠲᠣᠪᠴᠢᠶ᠎ᠠ︶ | 13. ᠤᠯᠠᠭᠠᠨᠴᠠᠪ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 14. ᠤᠯᠠᠭᠠᠨᠴᠠᠪ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | 15. ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | 16. ᠤᠯᠠᠭᠠᠨᠴᠠᠪ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ | 17. ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ | 18. ᠤᠯᠠᠭᠠᠨᠴᠠᠪ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | 19᠂ ᠤᠯᠠᠭᠠᠨᠴᠠᠪ ᠬᠤᠲᠠ ᠶᠢᠨ ᠬᠢᠨᠠᠨ ᠪᠣᠳᠣᠬᠤ ᠲᠣᠪᠴᠢᠶ᠎ᠠ | 20. ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ | 21᠂ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ | 22᠂ ᠤᠯᠠᠭᠠᠨᠴᠠᠪ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | 23. ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 24. ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | 25᠂ ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠬᠤᠲᠠ ᠶᠢᠨ ᠭᠠᠳᠠᠭᠠᠳᠤ | ᠶᠠᠪᠤᠳᠠᠯ ᠤᠨ ᠠᠯᠪᠠᠨ ᠭᠡᠷ︶ | 26. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠤᠯᠠᠭᠠᠨᠴᠠᠪ ᠬᠤᠲᠠ ᠶᠢᠨ | ᠭᠠᠶᠢᠯᠢ ᠶᠢᠨ ᠶᠠᠪᠤᠳᠠᠯ ᠤᠨ ᠲᠣᠪᠴᠢᠶ᠎ᠠ | 27. ᠤᠯᠠᠭᠠᠨᠴᠠᠪ ᠬᠤᠲᠠ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ | 28. ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠤᠯᠤᠰ ᠤᠨ ᠠᠮᠤᠷ ᠲᠦᠪᠰᠢᠨ ᠤ ᠲᠣᠪᠴᠢᠶ᠎ᠠ | 29᠂ ᠤᠯᠠᠭᠠᠨᠴᠠᠪ ᠬᠤᠲᠠ ᠶᠢᠨ ᠲᠠᠩᠰᠠ ᠡᠪᠬᠡᠮᠡᠯ ᠤᠨ ᠲᠣᠪᠴᠢᠶ᠎ᠠ ︵ᠬᠤᠲᠠ ᠶᠢᠨ ᠨᠠᠮ ᠤᠨ ᠬᠤᠷᠢᠶ᠎ᠠ ᠶᠢᠨ | ᠠᠯᠪᠠᠨ ᠬᠡᠷ ᠲᠤ ᠫᠠᠶᠢᠰᠠ ᠡᠯᠭᠦᠪᠡ︶ | 30᠂ ᠤᠯᠠᠭᠠᠨᠴᠠᠪ ᠬᠤᠲᠠ ᠶᠢᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ︵ᠬᠤᠲᠠ ᠶᠢᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰᠲ᠋ᠤ ᠫᠠᠶᠢᠰᠠ ᠡᠯᠭᠦᠪᠡ︶ | 31᠂ ᠤᠯᠠᠭᠠᠨᠴᠠᠪ ᠬᠤᠲᠠ ᠶᠢᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ︵ᠬᠤᠲᠠ ᠶᠢᠨ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠫᠠᠶᠢᠰᠠ ᠡᠯᠭᠦᠪᠡ︶ | 32᠂ ᠤᠯᠠᠭᠠᠨᠴᠠᠪ ᠬᠤᠲᠠ ᠶᠢᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ︵ᠬᠤᠲᠠ ᠶᠢᠨ ᠨᠠᠮ ᠤᠨ | ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠣᠪᠴᠢᠶ᠎ᠠ ᠳᠤ ᠫᠠᠶᠢᠰᠠ ᠡᠯᠬᠦᠪᠡ︶ | ᠬᠤᠶᠠᠷ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ︵16︶ | 1. ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ | 2. ᠤᠯᠠᠭᠠᠨᠴᠠᠪ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ | 3. ᠤᠯᠠᠭᠠᠨᠴᠠᠪ ᠬᠤᠲᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ︵ᠬᠤᠲᠠ ᠶᠢᠨ | ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ | ᠭᠡᠷ ᠲᠤ ᠫᠠᠶᠢᠰᠠ ᠡᠯᠬᠦᠪᠡ︶ | 4. ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠨᠠᠷ ᠤᠨ ᠶᠠᠪᠤᠳᠠᠯ ᠤᠨ ᠠᠯᠪᠠᠨ | ᠭᠡᠷ ︵ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠫᠠᠶᠢᠰᠠ ᠡᠯᠭᠦᠪᠡ︶ | 5. ᠦᠪᠦᠷ ᠮᠤᠩᠬᠤᠯ ᠤᠨ ᠦᠪᠡᠷᠲᠡᠬᠡᠨ ᠵᠠᠰᠠᠬᠤ ᠤᠷᠤᠨ ᠤ ᠤᠯᠠᠭᠠᠨᠴᠠᠪ ᠬᠤᠲᠠ ᠶᠢᠨ ᠨᠠᠪᠴᠢᠨ ᠳᠠᠮᠠᠬᠢ | ᠳᠤᠰᠬᠠᠢ ᠬᠤᠲᠠᠯᠲᠤᠬᠤ ᠲᠤᠪᠴᠢᠶ᠎ᠠ | 6. ᠤᠯᠠᠭᠠᠨᠴᠠᠪ ᠬᠤᠲᠠ ᠶᠢᠨ ᠴᠠᠭ ᠠᠭᠤᠷ ᠤᠨ ᠲᠣᠪᠴᠢᠶ᠎ᠠ | 7. ᠤᠯᠠᠭᠠᠨᠴᠠᠪ ᠬᠤᠲᠠ ᠶᠢᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ | 8. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠤᠯᠠᠭᠠᠨᠴᠠᠪ ᠤᠨ ᠬᠤᠪᠢᠶᠠᠷᠢ ᠲᠣᠪᠴᠢᠶ᠎ᠠ | 9. ᠤᠯᠠᠭᠠᠨᠴᠠᠪ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠲᠥᠪ | 10. ᠤᠯᠠᠭᠠᠨᠴᠠᠪ ᠬᠤᠳᠠ ᠶᠢᠨ ᠵᠡᠮᠳᠡᠭᠴᠤᠳ ᠤᠨ ᠬᠤᠯᠪᠤᠭᠠᠳᠤ ᠬᠤᠷᠠᠯ | 11. ᠤᠯᠠᠭᠠᠨᠴᠠᠪ ᠬᠤᠲᠠ ᠶᠢᠨ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠥᠷᠲᠡᠭᠡ | 12. ᠤᠯᠠᠭᠠᠨᠴᠠᠪ ᠬᠤᠲᠠ ᠶᠢᠨ ᠵᠢᠭᠠᠰᠤᠨ ᠠᠵᠤ ᠠᠬᠤᠶ ᠶᠢᠨ ᠬᠦᠭᠵᠢᠬᠦᠯᠦᠯᠳᠡ ᠶᠢᠨ ᠳᠤᠪᠴᠢᠶ᠎ᠠ | 13. ᠤᠯᠠᠭᠠᠨᠴᠠᠪ ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠯᠲᠠ ᠶᠢᠨ ᠰᠢᠯᠭᠠᠨ | ᠪᠠᠶᠢᠴᠠᠭᠠᠬᠤ ᠲᠥᠪ | 14. ᠤᠯᠠᠭᠠᠨᠴᠠᠪ ᠬᠤᠲᠠ ᠶᠢᠨ ᠡᠨᠧᠷᠭᠢ ᠠᠷᠪᠢᠯᠠᠬᠤ ᠲᠥᠪ | 15. ᠤᠯᠠᠭᠠᠨᠴᠠᠪ ᠬᠤᠲᠠ ᠶᠢᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ | 16. ᠤᠯᠤᠰ ᠤᠨ ᠳᠤᠭ᠎ᠠ ᠪᠦᠷᠢᠳᠭᠡᠯ ᠤᠨ ᠳᠤᠪᠴᠢᠶᠠᠨ ᠤ ᠤᠯᠠᠭᠠᠨᠴᠠᠪ ᠤᠨ ᠪᠠᠶᠢᠴᠠᠭᠠᠬᠤ ᠠᠩᠬᠢ | ᠭᠤᠷᠪᠠ᠂ ᠬᠤᠯᠪᠣᠭᠳᠠᠯ ᠪᠦᠬᠦᠢ ᠵᠦᠢᠯ | ︵ᠨᠢᠭᠡ︶ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ | ᠦᠨᠳᠦᠰᠦᠯᠡᠨ ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ᠲᠠᠢ | ᠪᠢᠴᠢᠭ ᠤᠨ ᠬᠡᠯᠪᠡᠷᠢ ᠪᠠᠷ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠵᠤ᠂ ᠨᠠᠶᠢᠳᠠᠯᠭ᠎ᠠ ᠬᠦᠯᠢᠶᠡᠭᠰᠡᠨ ᠪᠡᠶᠡᠴᠢ ᠴᠣᠭᠴᠠ | ᠪᠠ ᠨᠠᠶᠢᠳᠠᠭᠰᠠᠨ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠭᠤᠯᠭ᠎ᠠ ᠶᠢ ᠰᠦᠯᠵᠢᠶᠡᠨ ᠥᠷᠲᠡᠭᠡ ᠪᠤᠶᠤ | ᠵᠠᠭᠤᠴᠢᠯᠠᠭᠤᠷ ᠲᠤ ᠢᠯᠡ ᠪᠣᠯᠭᠠᠬᠤ ᠶᠢᠨ ᠬᠠᠮᠲᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ | ᠳᠠᠩᠰᠠᠯᠠᠭᠤᠯᠬᠤ ᠬᠡᠷᠡᠭᠲᠡᠶ᠃ | ︵ᠬᠤᠶᠠᠷ︶ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠭᠤᠯᠭ᠎ᠠ ᠳᠤ ᠫᠠᠶᠢᠰᠠ ᠡᠯᠭᠦᠭᠰᠡᠨ | ᠪᠠᠶᠢᠭᠤᠯᠤᠮᠵᠢ ᠨᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ | ᠲᠣᠭᠲᠠᠭᠠᠯ ᠢ ᠦᠨᠳᠦᠰᠦᠯᠡᠨ᠂ ᠫᠠᠶᠢᠰᠠ ᠡᠯᠭᠦᠬᠦ ᠪᠠᠶᠢᠭᠤᠯᠤᠮᠵᠢ ᠶᠢᠨ ᠨᠡᠷ᠎ᠡ ᠪᠠᠷ ᠭᠠᠳᠠᠭᠰᠢ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠬᠦ ᠬᠡᠷᠡᠭᠳᠡᠢ᠃ | ︵ᠭᠤᠷᠪᠠ︶ ᠲᠤᠰ ᠤᠳᠠᠭᠠᠨ ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢ ᠨᠡᠶᠢᠲᠡᠯᠡᠭᠰᠡᠨ ᠦᠭᠡᠶ ᠬᠠᠤᠯᠢ | ᠬᠡᠷᠡᠭᠵᠢᠭᠦᠯᠬᠦ ᠨᠢᠭᠡᠴᠢ ᠨᠢ ᠴᠥᠮ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠬᠢᠵᠦ ᠪᠣᠯᠬᠤ | ᠦᠭᠡᠶ᠃ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢ | ᠪᠠᠶᠢᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠪᠡᠶᠡᠴᠢ ᠴᠣᠭᠴᠠ ᠶᠢᠨ ᠬᠢᠷᠢ ᠬᠡᠮ ᠢ ᠬᠦᠴᠦᠨ ᠥᠬᠡᠶ ᠪᠣᠯᠭᠠᠬᠤ | ᠵᠡᠷᠭᠡ ᠪᠠᠶᠢᠳᠠᠯ ᠭᠠᠷᠤᠭᠰᠠᠨ ᠪᠠᠶᠢᠪᠠᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ ᠳᠤ ᠴᠠᠭ ᠲᠤᠬᠠᠶ ᠳᠤᠨᠢ ᠮᠡᠳᠡᠭᠦᠯᠵᠦ ᠳᠠᠬᠢᠨ ᠬᠢᠨᠠᠨ ᠬᠠᠷᠭᠤᠭᠤᠯᠬᠤ ᠬᠡᠷᠡᠭᠲᠡᠶ᠃ | ︵ᠲᠦᠷᠪᠡ︶ ᠲᠣᠰ ᠠᠯᠪᠠᠨ ᠵᠠᠷ ᠨᠢ ᠨᠡᠶᠢᠲᠡᠯᠡᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠃ | | | | | |