ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/12
   8 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ᠵᠢᠴᠢ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠪᠥᠬᠦ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠤᠯᠠᠭᠠᠨᠴᠠᠪ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠷᠰᠢᠯᠲᠠ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠲᠤᠬᠠᠶ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ︾᠂ ︽2023 ᠣᠨ ᠤ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠮᠡᠳᠡᠭᠦᠯᠦᠯᠲᠡ ᠪᠠ 2024 ᠣᠨ ᠤ ᠳᠡᠭᠡᠷ᠎ᠡ ᠬᠠᠭᠠᠰ ᠵᠢᠯ ᠤᠨ ᠲᠥᠰᠦᠪ ᠢ ᠭᠦᠢᠴᠡᠳᠭᠡᠭᠰᠡᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠨᠢ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠪᠠᠨ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠨᠢᠭᠡᠳ ᠨᠢᠭᠡ ᠪᠠᠷ ᠲᠠᠩᠰᠠ ᠬᠠᠷᠭᠤᠭᠤᠯᠵᠤ ᠳ᠋ᠤᠭᠠᠷ ᠬᠠᠰᠤᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠠᠢ ᠤᠯᠤᠯᠴᠠᠭ᠎ᠠ ᠵᠣᠯᠭᠠᠯᠴᠠᠭ᠎ᠠ ᠶᠢᠨ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃                 ᠣᠷᠴᠢᠭᠤᠯᠤᠭᠴᠢ᠄ ᠭᠤᠸ᠎ᠠ                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2