ᠯᠢᠶᠠᠩᠴᠧᠩ ᠰᠢᠶᠠᠨ᠄ ᠰᠣᠷᠣᠭᠴᠢ ᠶᠢᠨ ᠢᠷᠡᠯᠲᠡ ᠶᠢᠨ ᠭᠠᠵᠠᠷ ᠤᠨ ᠢᠲᠡᠭᠡᠮᠵᠢᠲᠦ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠥᠨᠳᠥᠷ ᠪᠦᠲᠦᠮᠵᠢᠲᠡᠶ ᠠᠬᠢᠭᠤᠯᠵᠤ ᠰᠤᠷᠤᠭᠴᠢᠳ ᠤᠨ ᠶᠡᠭᠡ ᠰᠤᠷᠭᠠᠭᠤᠯᠢ ᠶᠢᠨ ᠡᠭᠦᠳᠡᠨ ᠳᠤ ᠠᠯᠬᠤᠨ ᠣᠷᠣᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/8/12
           ᠪᠦᠬᠦ ᠤᠯᠤᠰ ᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ 2024 ᠣᠨ ᠤ ᠰᠤᠷᠤᠭᠴᠢ ᠡᠯᠰᠡᠬᠦ ᠮᠡᠳᠡᠭᠳᠡᠯ ᠤᠨ ᠪᠢᠴᠢᠭ ᠢ ᠵᠠᠯᠭᠠᠭ᠎ᠠ ᠪᠠᠷ ᠢᠯᠡᠭᠡᠬᠦ ᠶᠢ ᠳᠠᠭᠠᠯᠳᠤᠨ᠂ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠭᠦᠢᠴᠡᠳᠬᠡᠬᠦ ᠠᠵᠢᠯ ᠣᠨ ᠤ ᠣᠷᠭᠢᠯ ᠢᠶᠠᠨ ᠤᠭᠲᠤᠯ᠎ᠠ᠃ ᠯᠢᠶᠠᠩᠴᠧᠩ ᠰᠢᠶᠠᠨ ᠤᠯᠤᠰ ᠤᠨ ᠲᠥᠷᠥ ᠶᠢᠨ ᠪᠣᠳᠣᠯᠭ᠎ᠠ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠰᠣᠷᠣᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠦᠢᠴᠡᠳᠬᠡᠬᠦ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ᠂ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠶᠡᠭᠡ ᠰᠤᠷᠭᠠᠭᠤᠯᠢ ᠶᠢᠨ ᠬᠦᠷᠢᠶᠡᠨ ᠳᠤ ᠤᠷᠤᠬᠤ ︽ᠰᠠᠭᠠᠳ ᠥᠬᠡᠶ ᠨᠡᠪᠲᠡᠷᠡᠬᠦ ᠵᠠᠮ︾ ᠥᠭᠪᠡ᠃     ᠣᠲᠣ ᠪᠣᠯᠲᠠᠯ᠎ᠠ ᠨᠢᠭᠡᠨᠲᠡ 632 ᠤᠶᠤᠲᠠᠳ ᠤᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠡᠷᠭᠢᠯᠡᠵᠦ᠂ 700 ᠭᠠᠷᠤᠶ ᠲᠦᠮᠡᠨ ᠲᠥᠭᠦᠷᠢᠭ ᠤᠨ ᠵᠢᠭᠡᠯᠡᠯᠭᠡ ᠶᠢᠨ ᠵᠣᠭᠤᠰ ᠤᠨ ᠲᠤᠭ᠎ᠠ ᠲᠠᠢ ᠪᠠᠶᠢᠵᠤ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ 667 ᠰᠤᠷᠤᠭᠴᠢ ᠶᠢ ᠵᠣᠭᠤᠰ ᠢᠶᠠᠷ ᠲᠤᠰᠠᠯᠠᠵᠤ᠂ 400 ᠭᠠᠷᠤᠶ ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠶᠢ ᠭᠦᠢᠴᠡᠳᠬᠡᠭᠰᠡᠨ ᠪᠠᠶᠢᠨ᠎ᠠ᠃            ᠤᠷᠴᠢᠭᠤᠯᠤᠭᠴᠢ᠄ ᠬᠦᠰᠡᠯ            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2