ᠰᠦᠢ ᠸᠧᠢ ᠵᠢᠶᠦ᠋ᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/13
    8 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠲᠠ ᠶᠢᠨ ᠴᠠᠭ ᠠᠭᠤᠷ ᠤᠨ ᠲᠣᠪᠴᠢᠶ᠎ᠠ ᠳᠤ ᠬᠦᠷᠴᠦ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ ᠲᠠᠯᠠᠪᠤᠷ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃     ᠰᠦᠢ ᠸᠧᠢ ᠵᠢᠶᠦ᠋ᠨ ᠪᠦᠬᠦ ᠬᠤᠳᠠ ᠶᠢᠨ ᠪᠣᠷᠣᠭᠠᠨ ᠤ ᠬᠡᠮᠵᠢᠶ᠎ᠡ ᠶᠢ ᠬᠢᠨᠠᠨ ᠬᠡᠮᠵᠢᠬᠦ ᠦᠷᠳᠡᠭᠡ ᠶᠢᠨ ᠲᠠᠷᠬᠠᠯᠲᠠ᠂ ᠣᠳᠣᠬᠠᠨ ᠤ ᠬᠤᠷ᠎ᠠ ᠲᠣᠨᠣᠳᠠᠰᠤ ᠵᠢᠴᠢ ᠢᠷᠡᠭᠡᠳᠦᠢ ᠶᠢᠨ ᠴᠠᠭ ᠠᠭᠤᠷ ᠤᠨ ᠬᠥᠭᠵᠢᠯᠲᠡ ᠶᠢᠨ ᠬᠠᠨᠳᠤᠰᠢ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠴᠠᠭ ᠠᠭᠤᠷ ᠤᠨ ᠦᠢᠯᠡᠴᠢᠯᠡᠭᠡ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠶ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠪᠣᠳᠣᠯ ᠢ ᠡᠷᠡᠰ ᠲᠡᠪᠴᠢᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠦᠷᠭᠦᠯᠵᠢᠯᠡᠨ ᠠᠩᠬᠠᠷᠴᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠠᠵᠢᠯ ᠢ ᠨᠠᠷᠢᠯᠢᠭ ᠪᠥᠭᠡᠳ ᠪᠣᠳᠠᠲᠠᠶ ᠪᠠᠷ ᠬᠢᠬᠦ ᠬᠡᠷᠡᠭᠲᠡᠶ ᠭᠡᠵᠦ ᠬᠡᠯᠡᠵᠡᠢ᠃     ᠰᠦᠢ ᠸᠧᠢ ᠵᠢᠶᠦ᠋ᠨ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠮᠡᠳᠡᠭᠡ ᠵᠠᠩᠭᠢ ᠶᠢᠨ ᠰᠦᠯᠵᠢᠶᠡᠨ ᠤ ᠲᠠᠪᠴᠠᠩ ᠢ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠢ ᠴᠢᠩᠭ᠎ᠠ ᠬᠢᠨᠠᠨ ᠬᠡᠮᠵᠢᠵᠦ᠂ ᠵᠥᠪᠳᠡᠯᠴᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠠᠵᠢᠯ ᠤᠨ ᠬᠠᠮᠲᠤᠷᠠᠯ ᠬᠦᠴᠦᠨ ᠢ ᠦᠨᠡᠨ ᠬᠦ ᠪᠦᠷᠢᠯᠳᠦᠭᠦᠯᠬᠦ ᠬᠡᠷᠡᠭᠲᠡᠶ᠃ ᠠᠶᠤᠯ ᠲᠦᠭᠰᠢᠭᠦᠷᠢ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠵᠠᠮ ᠬᠥᠭᠦᠷᠭᠡ᠂ ᠤᠰᠤᠨ ᠴᠥᠭᠦᠷᠥᠮ᠂ ᠭᠤᠣᠯ ᠤᠨ ᠵᠠᠮ᠂ ᠠᠭᠤᠯᠠᠨ ᠦᠶᠡᠷ ᠤᠨ ᠭᠤᠤ᠂ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠭᠤᠣᠯᠳᠠᠯᠭ᠎ᠠ ᠲᠠᠢ ᠬᠡᠰᠡᠭ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠪᠠᠶᠢᠴᠠᠭᠠᠨ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠰᠡᠷᠡᠮᠵᠢᠯᠡᠭᠦᠯᠦᠯ ᠢ ᠴᠢᠩᠭᠠᠳᠬᠠᠵᠤ᠂ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠠᠷᠢᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠵᠦ ᠠᠪᠤᠷᠠᠨ ᠲᠤᠰᠠᠯᠠᠬᠤ ᠠᠵᠢᠯ ᠢ ᠬᠤᠯᠪᠣᠭᠠᠯᠠᠨ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠪᠤᠷᠠᠨ ᠲᠤᠰᠠᠯᠠᠬᠤ ᠬᠦᠴᠦᠨ ᠢ ᠭᠦᠢᠴᠡᠳ ᠲᠤᠬᠢᠷᠠᠭᠤᠯᠵᠤ᠂ ᠡᠯ᠎ᠡ ᠲᠦᠷᠦᠯ ᠤᠨ ᠡᠳ᠋ ᠪᠣᠳᠠᠰ ᠢ ᠨᠥᠭᠡᠴᠡᠯᠡᠵᠦ ᠲᠤᠬᠢᠷᠠᠭᠤᠯᠬᠤ ᠠᠵᠢᠯ ᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠨ ᠠᠷᠭᠠᠴᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃      ᠰᠦᠢ ᠵᠢᠶᠠᠨ ᠬᠤᠸᠠ ᠣᠷᠣᠯᠴᠠᠪᠠ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2