ᠤᠯᠠᠭᠠᠨᠴᠠᠪ ᠬᠤᠲᠠ ᠶᠢᠨ 2024 ᠣᠨ ᠤ 7 ᠰᠠᠷ᠎ᠠ ᠳᠤ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︽ᠪᠦᠬᠦᠨ ᠳᠤ ᠳᠣᠭᠢᠷᠠᠬᠤ ᠺᠠᠷᠲ︾ ᠶᠢ ᠲᠠᠷᠬᠠᠭᠠᠭᠰᠠᠨ ᠪᠠᠶᠢᠳᠠᠯ
ᠨᠡᠶᠢᠲᠡᠯᠡᠭᠰᠡᠨ ᠴᠠᠭ᠄
2024/8/13
   2024 ᠣᠨ ᠤ 7 ᠰᠠᠷ᠎ᠠ ᠳᠤ᠂ ᠤᠯᠠᠭᠠᠨᠴᠠᠪ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠳ᠋ ᠤᠨ ᠵᠠᠰᠠᠭ ᠢᠶᠠᠷ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠪᠠ᠃ ᠪᠦᠬᠦ ᠬᠤᠲᠠ ᠶᠢᠨ ᠡᠳ᠋ ᠤᠨ ᠵᠠᠰᠠᠭ ᠤᠨ ︽ᠪᠦᠬᠦᠨ ᠳᠤ ᠲᠣᠬᠢᠷᠠᠬᠤ ᠺᠠᠷᠲ︾ ᠢᠶᠠᠷ ᠲᠠᠷᠢᠶᠠᠯᠠᠩ ᠤᠨ ᠲᠥᠷᠥᠯ᠂ ᠮᠠᠯ ᠠᠵᠤ ᠠᠬᠤᠶ ᠶᠢᠨ ᠲᠥᠷᠥᠯ᠂ ᠣᠢ ᠰᠢᠭᠤᠶ ᠶᠢᠨ ᠲᠥᠷᠥᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠥᠷᠥᠯ᠂ ᠡᠷᠡᠭᠦᠯ ᠬᠠᠮᠠᠭᠠᠯᠠᠯ ᠤᠨ ᠲᠥᠷᠥᠯ᠂ ᠲᠥᠯᠥᠪᠯᠡᠭᠡᠲᠦ ᠦᠷᠡᠵᠢᠯ ᠤᠨ ᠲᠥᠷᠥᠯ᠂ ᠪᠦᠲᠦᠭᠡᠨ ᠪᠠᠶᠢᠭᠤᠯᠤᠯᠲᠠ ᠶᠢᠨ ᠲᠥᠷᠥᠯ᠂ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠴᠠᠯᠢᠩ ᠤᠨ ᠨᠥᠬᠦᠪᠥᠷᠢ ᠶᠢᠨ ᠲᠥᠷᠥᠯ ᠵᠡᠷᠭᠡ 8 ᠬᠦᠷᠢᠶᠡᠨ ᠤ 39 ᠲᠥᠷᠥᠯ ᠤᠨ 48 ᠵᠦᠢᠯ ᠤᠨ ᠪᠡᠯᠡ ᠮᠥᠩᠭᠦ ᠶᠢ ᠪᠣᠳᠠᠲᠠᠶ ᠪᠠᠷ ᠲᠠᠷᠬᠠᠭᠠᠵᠤ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ᠂ ᠨᠡᠶᠢᠭᠡᠮ ᠤᠨ ᠪᠠᠲᠤᠯᠠᠭ᠎ᠠ᠂ ᠪᠦᠲᠦᠭᠡᠨ ᠪᠠᠶᠢᠭᠤᠯᠤᠯᠲᠠ ᠵᠡᠷᠭᠡ 15 ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠯᠪᠣᠭᠳᠠᠵᠦ᠂ ᠡᠯ᠎ᠡ ᠵᠦᠢᠯ ᠤᠨ ᠨᠥᠬᠦᠪᠥᠷᠢ ᠶᠢᠨ ᠪᠡᠯᠡ ᠮᠥᠩᠭᠦ ᠶᠢ 2.93 ᠳ᠋ᠦᠩᠰᠢᠭᠤᠷ ᠲᠥᠭᠦᠷᠢᠭ ᠣᠯᠭᠤᠵᠤ᠂ 90.81 ᠲᠦᠮᠡᠨ ᠬᠥᠮᠦᠨ / ᠤᠳᠠᠭ᠎ᠠ ᠳᠤ ᠠᠰᠢᠭ ᠬᠦᠷᠲᠡᠭᠡᠪᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2