ᠪᠦᠬᠦ ᠬᠤᠳᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/14
   8 ᠰᠠᠷ᠎ᠠ ᠶᠢᠨ 12 ᠤᠨ ᠡᠳᠦᠷ᠂ ᠪᠦᠬᠦ ᠬᠤᠳᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠨᠠᠮ ᠪᠦᠬᠦ ᠤᠯᠤᠰ ᠤᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠬᠦ ᠪᠣᠯ ᠨᠠᠮ ᠤᠨ ᠳᠣᠲᠣᠭᠠᠳᠤ ᠶᠢᠨ ᠦᠵᠡᠯ ᠰᠠᠨᠠᠭ᠎ᠠ ᠪᠠᠨ ᠨᠢᠭᠡᠳᠬᠡᠬᠦ ᠶᠢ ᠠᠬᠢᠭᠤᠯᠬᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ᠂ ᠪᠠᠶᠢᠭᠤᠯᠭ᠎ᠠ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ ᠵᠡᠷᠭᠡ ᠳᠤ ᠭᠦᠨᠵᠡᠭᠡᠶᠢᠷᠡᠨ ᠨᠢᠭᠤᠷᠲᠠᠨ ᠶᠠᠷᠢᠯᠴᠠᠬᠤ᠂ ᠣᠯᠠᠨ ᠲᠦᠮᠡᠨᠴᠢᠯᠡᠬᠦ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠦ᠂ ᠨᠡᠶᠢᠭᠡᠮ ᠳᠠᠶᠠᠭᠠᠷ ᠲᠤ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠦᠨᠡᠨ ᠬᠦ ᠨᠢᠭᠡᠳᠬᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃    ᠳᠠᠶᠢᠴᠢᠯᠠᠯᠲᠠ ᠶᠢᠨ ᠬᠤᠷᠠᠯ ᠤᠨ ᠳᠠᠷᠠᠭ᠎ᠠ᠂ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠬᠠᠮᠲᠤ ᠪᠠᠷ ᠬᠢᠴᠢᠶᠡᠯ ᠪᠡᠯᠡᠳᠬᠡᠪᠡ᠃ ᠳᠠᠷᠠᠭᠠᠴᠢ ᠶᠢᠨ ᠠᠯᠬᠤᠮ ᠳᠤ᠂ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠵᠡᠷᠭᠡ ᠳᠤ ᠭᠦᠨᠵᠡᠭᠡᠶᠢᠷᠡᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠪᠣᠯᠤᠨ᠎ᠠ᠃                             ᠣᠷᠴᠢᠭᠤᠯᠤᠭᠴᠢ᠄ ᠭᠤᠸ᠎ᠠ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2