| | ᠡᠨᠡ ᠵᠢᠯ ᠠᠴᠠ ᠨᠠᠰᠢ᠂ ᠯᠢᠶᠠᠩᠴᠧᠩ ᠰᠢᠶᠠᠨ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ | ᠰᠢᠪᠲᠤᠯᠬᠤ︾ ᠢᠨᠵᠧᠨᠧᠷᠢᠩ ᠢᠶᠠᠷ ᠭᠠᠷᠳᠠᠴᠠ ᠪᠣᠯᠭᠠᠵᠤ᠂ ︽ᠨᠢᠭᠡ ᠠᠮᠤ ᠪᠤᠳᠠᠭ᠎ᠠ ᠰᠠᠭᠠᠯᠢ ᠶᠢᠨ ᠦᠨᠢᠶ᠎ᠡ ᠮᠢᠬᠠᠨ | ᠦᠬᠡᠷ︾ ᠢ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ | ᠯᠠᠪᠳᠠᠭᠤᠨ ᠪᠠᠲᠤᠲᠠᠢ ᠠᠬᠢᠭᠤᠯᠪᠠ᠃ ︽ᠲᠠᠷᠢᠶᠠᠨ ᠦᠷ᠎ᠡ ᠰᠣᠩᠭᠤᠬᠤ︾ ᠲᠠᠪᠴᠠᠩ᠂ ᠨᠣᠬᠠᠶ ᠶᠢᠨ ᠬᠤᠰᠢᠭᠤ ᠶᠢᠨ | ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠨᠠᠷᠢᠨ ᠨᠢᠮᠪᠠᠶ ᠪᠠᠶᠢᠭᠤᠯᠵᠤ᠂ ᠲᠠᠷᠢᠮᠠᠯ ᠤᠨ | ᠶᠡᠷᠦᠩᠬᠡᠶ ᠳᠠᠷᠢᠬᠤ ᠲᠠᠯᠠᠪᠠᠶ ᠶᠢ 94.5 ᠲᠦᠮᠡᠨ ᠮᠥ ᠳᠤ ᠲᠣᠭᠲᠠᠪᠤᠷᠢᠵᠢᠭᠤᠯᠵᠤ᠂ ᠤᠷᠭᠤᠯᠲᠠ ᠰᠠᠶᠢᠨ ᠪᠠᠶᠢᠵᠤ᠂ | ᠡᠯᠪᠡᠭ ᠬᠤᠷᠢᠶᠠᠯᠲᠠ ᠤᠯᠬᠤ ᠡᠷᠡᠮᠡᠯᠵᠡᠯ ᠲᠠᠢ ᠪᠠᠶᠢᠨ᠎ᠠ᠃ ᠣᠲᠣ ᠦᠶ᠎ᠡ ᠶᠢᠨ ᠰᠦ ᠶᠢᠨ ᠦᠢᠯᠡᠰ ᠤᠨ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠯᠠᠰᠢᠨ ᠦᠬᠡᠷ ᠠᠯᠠᠰᠢᠨ ᠬᠤᠨᠢ ᠲᠡᠵᠢᠭᠡᠨ | ᠦᠷᠡᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠵᠤ ᠰᠢᠶᠠᠨ ᠢ ᠬᠦᠴᠦᠷᠬᠡᠭᠵᠢᠭᠦᠯᠬᠦ᠂ ᠠᠯᠠᠰᠢᠨ ᠦᠬᠡᠷ ᠤᠨ ᠠᠵᠤ ᠦᠢᠯᠡᠰ ᠢᠶᠠᠷ ᠰᠢᠶᠠᠨ ᠢ | ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠰᠠᠭᠤᠷᠢ ᠶᠢ ᠨᠠᠩ ᠪᠠᠲᠤᠳᠬᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |