ᠤᠯᠠᠭᠠᠨᠴᠠᠪ ᠬᠤᠲᠠ ᠶᠢᠨ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/8/15
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄    ︽ᠤᠯᠠᠭᠠᠨᠴᠠᠪ ᠬᠤᠲᠠ ᠶᠢᠨ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠨᠢᠭᠡᠨᠲᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠪᠠᠲᠤᠯᠠᠵᠤ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                                         2024 ᠣᠨ ᠤ 6 ᠰᠠᠷ᠎ᠠ ᠶᠢᠨ 28 ᠤ ᠡᠳᠦᠷ                                         ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶       ᠤᠯᠠᠭᠠᠨᠴᠠᠪ ᠬᠤᠲᠠ ᠶᠢᠨ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ     ᠨᠢᠭᠡᠳᠦᠭᠡᠷ ᠪᠦᠯᠦᠭ   ᠶᠡᠷᠦᠩᠬᠡᠢ ᠳᠦᠷᠢᠮ     ᠨᠢᠭᠡᠳᠦᠭᠡᠷ ᠵᠦᠢᠯ  ᠪᠥᠬᠦ ᠲᠠᠯ᠎ᠠ ᠪᠠᠷ ᠵᠢᠷᠤᠮᠵᠢᠯ ᠲᠠᠢ ᠢᠯᠡ ᠲᠣᠳᠣ᠂ ᠪᠠᠷᠢᠮᠵᠢᠶ᠎ᠠ ᠰᠢᠨᠵᠢᠯᠡᠬᠦ ᠤᠬᠠᠭᠠᠨᠴᠢ᠂ ᠬᠢᠵᠠᠭᠠᠷᠯᠠᠯ ᠬᠦᠴᠦᠲᠡᠶ ᠲᠥᠰᠦᠪ ᠤᠨ ᠲᠦᠷᠢᠮ ᠢ ᠪᠠᠶᠢᠭᠤᠯᠵᠤ᠂ ᠣᠨ ᠤ ᠠᠯᠤᠰᠯᠠᠭᠰᠠᠨ ᠲᠥᠰᠦᠪ ᠤᠨ ᠲᠡᠩᠴᠡᠭᠦᠷᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠥᠰᠦᠪ ᠤᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠤᠯ ᠱᠤᠭᠤᠮ ᠢ ᠪᠠᠲᠤ ᠡᠵᠡᠮᠳᠡᠵᠦ᠂ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠥᠩᠭᠦ ᠶᠢ ᠪᠠᠶᠢᠷᠢᠯᠠᠭᠤᠯᠬᠤ᠂ ᠲᠣᠬᠢᠷᠠᠭᠤᠯᠬᠤ ᠪᠠ ᠬᠡᠷᠡᠭᠯᠡᠬᠦ ᠶᠢ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ᠵᠢᠴᠢ ᠬᠡᠷᠡᠭᠵᠢᠭᠦᠯᠬᠦ ᠲᠦᠷᠢᠮ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠣᠯ ᠲᠥᠰᠥᠪ ᠤᠨ ᠬᠠᠤᠯᠢ ᠶᠢᠨ ᠲᠣᠭᠲᠠᠭᠠᠯ ᠶᠣᠰᠣᠭᠠᠷ ᠪᠠᠶᠢᠭᠤᠯᠤᠭᠰᠠᠨ ᠬᠤᠷᠸ᠎ᠠ ᠲᠣᠬᠢᠷᠠᠭᠤᠯᠤᠯᠲᠠ ᠶᠢᠨ ᠬᠠᠷᠠᠯᠲᠠ ᠶᠢ ᠪᠡᠶᠡᠯᠡᠭᠦᠯᠵᠦ᠂ ᠣᠨ ᠤ ᠬᠤᠭᠤᠷᠣᠨᠳᠤᠬᠢ ᠵᠠᠰᠠᠭ ᠤᠨ ᠣᠷᠳᠣᠨ ᠤ ᠲᠥᠰᠥᠪ ᠤᠨ ᠵᠤᠯᠭᠠᠭᠤᠯᠲᠠ ᠪᠠ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠤᠰᠠᠳᠠ᠂ ᠡᠯ᠎ᠡ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠪᠠᠶᠢᠭᠤᠯᠤᠭᠰᠠᠨ ᠨᠦᠬᠡᠴᠡ ᠶᠢᠨ ᠴᠢᠨᠠᠷᠲᠠᠢ ᠪᠡᠯᠡ ᠮᠦᠩᠭᠦ ᠶᠢ ᠵᠢᠭᠠᠵᠤ ᠪᠣᠢ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ᠂ ᠤᠯᠤᠰ ᠤᠨ ᠦᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠥᠪ ᠪᠠ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠲᠥᠰᠥᠪ ᠲᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠶᠢᠭᠤᠯᠵᠤ ᠪᠣᠯᠬᠤ ᠦᠭᠡᠢ᠃    ᠭᠤᠷᠪᠠᠳᠤᠭᠠᠷ ᠵᠦᠢᠯ  ᠲᠥᠰᠦᠪ ᠤᠨ ᠲᠣᠭᠲᠠᠭᠤᠨ ᠲᠣᠬᠢᠷᠠᠭᠤᠯᠤᠯᠲᠠ ᠶᠢᠨ ᠰᠠᠭᠤᠷᠢ ᠮᠥᠩᠭᠦ ᠶᠢ ᠭᠤᠤᠯᠳᠠᠭᠤ ᠬᠤᠶᠢᠰᠢᠳᠠ ᠶᠢᠨ ᠣᠨ ᠤ ᠲᠥᠰᠦᠪ ᠤᠨ ᠪᠡᠯᠡ ᠮᠥᠩᠭᠦ ᠶᠢᠨ ᠬᠦᠷᠦᠯᠴᠡᠬᠦ ᠦᠭᠡᠶ ᠲᠠᠯ᠎ᠠ ᠶᠢ ᠨᠥᠬᠦᠪᠥᠷᠢᠯᠡᠬᠦ ᠳᠤ ᠬᠡᠷᠡᠭᠯᠡᠵᠦ᠂ ᠣᠨ ᠤ ᠬᠤᠭᠤᠷᠣᠨᠳᠣᠬᠢ ᠡᠳ᠋ ᠤᠨ ᠬᠦᠴᠦᠨ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠲᠡᠩᠴᠡᠭᠦᠷᠢ ᠲᠠᠢ ᠪᠠᠶᠢᠳᠠᠯ ᠢ ᠲᠣᠬᠢᠷᠠᠭᠤᠯᠬᠤ ᠬᠡᠷᠡᠭᠲᠡᠶ᠃    ᠳᠥᠷᠪᠡᠳᠦᠭᠡᠷ ᠵᠦᠢᠯ  ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠣᠭᠲᠠᠭᠠᠯ ᠶᠣᠰᠤᠭᠠᠷ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠪᠠᠶᠢᠭᠤᠯᠵᠤ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠪᠠᠶᠢᠭᠤᠯᠬᠤ ᠪᠠ ᠬᠦᠳᠡᠯᠭᠡᠬᠦ ᠳᠡᠭᠡᠨ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃    ᠲᠠᠪᠤᠳᠤᠭᠠᠷ ᠵᠦᠢᠯ  ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠶᠢᠭᠤᠯᠬᠤ᠂ ᠲᠣᠬᠢᠷᠠᠭᠤᠯᠬᠤ ᠪᠠ ᠬᠡᠷᠡᠭᠯᠡᠬᠦ ᠪᠣᠳᠠᠲᠠᠢ ᠲᠦᠰᠦᠯ ᠢ ᠳᠤᠷᠠᠳᠬᠤ ᠶᠢ ᠬᠠᠷᠢᠭᠤᠴᠠᠵᠤ᠂ ᠠᠳᠠᠯᠢ ᠱᠠᠲᠤᠨ ᠤ ᠵᠠᠰᠠᠭ ᠤᠨ ᠣᠷᠳᠤᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠰ ᠱᠠᠲᠤᠨ ᠤ ᠲᠥᠰᠥᠪ ᠪᠣᠯᠣᠨ ᠲᠥᠰᠥᠪ ᠤᠨ ᠭᠦᠢᠴᠡᠳᠭᠡᠯ ᠤᠨ ᠡᠬᠡ ᠲᠥᠰᠥᠯ ︵ᠡᠬᠡ ᠨᠣᠣᠷᠠᠭ︶ ᠳᠤ ᠨᠠᠶᠢᠷᠠᠭᠤᠯᠤᠨ ᠣᠷᠤᠭᠤᠯᠤᠨ᠎ᠠ᠃    ᠵᠢᠷᠭᠤᠳᠤᠭᠠᠷ ᠵᠦᠢᠯ  ᠡᠩ ᠤᠨ ᠣᠯᠠᠨ ᠨᠡᠶᠢᠲᠡ ᠶᠢᠨ ᠲᠥᠰᠦᠪ ᠤᠨ ᠬᠡᠲᠦ ᠣᠷᠣᠯᠭ᠎ᠠ ᠪᠠ ᠵᠠᠷᠤᠯᠭ᠎ᠠ ᠶᠢᠨ ᠦᠯᠡᠳᠡᠪᠦᠷᠢ ᠪᠡᠯᠡ ᠮᠥᠩᠭᠦ ᠶᠢ ︽ᠭᠤᠷᠪᠠ ᠶᠢ ᠪᠠᠲᠤᠯᠠᠬᠤ︾ ᠶᠢ ᠪᠠᠲᠤᠯᠠᠬᠤ᠂ ᠤᠯᠠᠭᠠᠨ ᠲᠤᠭ᠎ᠠ ᠶᠢ ᠲᠤᠯᠭᠠᠨ ᠬᠠᠰᠤᠬᠤ᠂ ᠥᠷᠢ ᠥᠭᠴᠡᠭᠡ ᠶᠢ ᠠᠷᠢᠯᠭᠠᠬᠤ᠂ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠵᠢᠴᠢ ᠪᠤᠰᠤᠳ ᠵᠠᠶᠢᠯᠠᠰᠢ ᠦᠭᠡᠢ ᠵᠠᠷᠤᠯᠭ᠎ᠠ ᠶᠢ ᠨᠠᠶᠢᠳᠠᠪᠤᠷᠢᠵᠢᠭᠤᠯᠬᠤ ᠳᠤ ᠤᠷᠢᠳᠠᠪᠠᠷ ᠬᠡᠷᠡᠭᠯᠡᠨ᠎ᠡ᠃ ᠲᠥᠰᠦᠪ ᠤᠨ ᠲᠣᠬᠢᠷᠠᠭᠤᠯᠤᠯᠲᠠ ᠳᠤ ᠬᠤᠯᠪᠣᠭᠳᠠᠪᠠᠯ᠂ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ︵ᠨᠣᠣᠷᠠᠭ︶ ᠲᠤ ᠣᠷᠣᠭᠤᠯᠵᠤ᠂ ᠠᠳᠠᠯᠢ ᠱᠠᠲᠤᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃    ᠳᠣᠯᠣᠳᠤᠭᠠᠷ ᠵᠦᠢᠯ  ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠪᠠᠶᠢᠭᠤᠯᠬᠤ ᠪᠠ ᠬᠡᠷᠡᠭᠯᠡᠬᠦ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠦᠯᠡᠳᠡᠪᠦᠷᠢ ᠪᠡᠯᠡ ᠮᠦᠩᠭᠦ ᠶᠢᠨ ᠬᠠᠮᠢᠶᠠᠷᠤᠯᠲᠠ ᠵᠢᠴᠢ ᠦᠯᠡᠳᠡᠭᠡᠯ ᠪᠡᠯᠡ ᠮᠦᠩᠭᠦ ᠶᠢ ᠴᠢᠯᠦᠭᠡᠲᠡᠢ ᠭᠦᠢᠯᠭᠡᠭᠡᠬᠦ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃    ᠬᠤᠶᠠᠳᠤᠭᠠᠷ ᠪᠦᠯᠦᠭ   ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠪᠠᠶᠢᠭᠤᠯᠬᠤ ᠪᠠ ᠲᠣᠬᠢᠷᠠᠭᠤᠯᠬᠤ    ᠨᠠᠢᠮᠠᠳᠤᠭᠠᠷ ᠵᠦᠢᠯ  ᠡᠩ ᠤᠨ ᠣᠯᠠᠨ ᠨᠡᠢᠲᠡ ᠶᠢᠨ ᠲᠥᠰᠥᠪ ᠤᠨ ᠬᠡᠳᠦ ᠣᠷᠣᠯᠭ᠎ᠠ ᠶᠢ ᠲᠤᠰ ᠠᠷᠭ᠎ᠠ ᠶᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠤᠭᠠᠷ ᠲᠣᠬᠢᠷᠠᠭᠤᠯᠤᠨ ᠬᠡᠷᠡᠭᠯᠡᠭᠰᠡᠨ ᠤ ᠳᠠᠷᠠᠭ᠎ᠠ᠂ ᠮᠥᠨ ᠦᠯᠡᠳᠡᠪᠦᠷᠢ ᠲᠠᠢ ᠪᠣᠯ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠢᠭᠤᠯᠬᠤ ᠪᠣᠶᠤ ᠲᠣᠬᠢᠷᠠᠭᠤᠯᠬᠤ ᠳᠤ ᠬᠡᠷᠡᠭᠯᠡᠬᠦ ᠬᠡᠷᠡᠭᠲᠡᠢ᠃    ᠡᠩ ᠤᠨ ᠣᠯᠠᠨ ᠨᠡᠢᠲᠡ ᠶᠢᠨ ᠲᠥᠰᠥᠪ ᠤᠨ ᠦᠯᠡᠳᠡᠪᠦᠷᠢ ᠪᠡᠯᠡ ᠮᠦᠩᠭᠦ ᠶᠢ ᠲᠤᠰ ᠠᠷᠭ᠎ᠠ ᠶᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠤᠭᠠᠷ ᠲᠣᠬᠢᠷᠠᠭᠤᠯᠤᠨ ᠬᠡᠷᠡᠭᠯᠡᠭᠰᠡᠨ ᠤ ᠳᠠᠷᠠᠭ᠎ᠠ᠂ ᠮᠦᠨ ᠯᠡ ᠦᠯᠡᠳᠡᠪᠦᠷᠢ ᠲᠠᠢ ᠪᠣᠯ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠢᠭᠤᠯᠬᠤ ᠪᠣᠶᠤ ᠲᠣᠬᠢᠷᠠᠭᠤᠯᠬᠤ ᠳᠤ ᠬᠡᠷᠡᠭᠯᠡᠬᠦ ᠬᠡᠷᠡᠭᠲᠡᠢ᠃     ᠡᠩ ᠤᠨ ᠣᠯᠠᠨ ᠨᠡᠶᠢᠲᠡ ᠶᠢᠨ ᠲᠥᠰᠥᠪ ᠤᠨ ᠳ᠋ᠦᠩᠨᠡᠨ ᠰᠢᠯᠵᠢᠭᠦᠯᠦᠭᠰᠡᠨ ᠬᠤᠶᠠᠷ ᠵᠢᠯ ᠮᠦᠨ ᠯᠡ ᠬᠡᠷᠡᠭᠯᠡᠵᠦ ᠳᠠᠭᠤᠰᠤᠭᠰᠠᠨ ᠦᠭᠡᠢ ᠪᠡᠯᠡ ᠮᠦᠩᠭᠦ ᠶᠢ ᠦᠯᠡᠳᠡᠪᠦᠷᠢ ᠪᠡᠯᠡ ᠮᠦᠩᠭᠦ ᠪᠠᠷ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠲᠣᠬᠢᠷᠠᠭᠤᠯᠬᠤ ᠳᠤ ᠬᠡᠷᠡᠭᠯᠡᠨ᠎ᠡ᠃     ᠶᠢᠰᠦᠳᠦᠭᠡᠷ ᠵᠦᠢᠯ  ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠤᠨ ᠳ᠋ᠦᠩᠨᠡᠨ ᠰᠢᠯᠵᠢᠭᠦᠯᠦᠭᠰᠡᠨ ᠪᠡᠯᠡ ᠮᠦᠩᠭᠦ ᠶᠢᠨ ᠬᠡᠮᠵᠢᠶ᠎ᠡ ᠨᠢ ᠲᠤᠰ ᠵᠦᠢᠯ ᠤᠨ ᠰᠠᠭᠤᠷᠢ ᠮᠦᠩᠭᠦ ᠶᠢᠨ ᠲᠤᠬᠠᠢ ᠶᠢᠨ ᠵᠢᠯ ᠤᠨ ᠣᠷᠣᠯᠭ᠎ᠠ ᠶᠢᠨ 30% ᠠᠴᠠ ᠬᠡᠲᠦᠷᠡᠭᠰᠡᠨ ᠬᠡᠰᠡᠭ ᠢ ᠡᠩ ᠤᠨ ᠣᠯᠠᠨ ᠨᠡᠶᠢᠲᠡ ᠶᠢᠨ ᠲᠥᠰᠥᠪ ᠲᠤ ᠰᠢᠯᠵᠢᠭᠦᠯᠦᠨ ᠣᠷᠣᠭᠤᠯᠤᠭᠰᠠᠨ ᠤ ᠳᠠᠷᠠᠭ᠎ᠠ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠷ ᠲᠣᠬᠢᠷᠠᠭᠤᠯᠤᠨ ᠬᠡᠷᠡᠭᠯᠡᠨ᠎ᠡ᠃    ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠤᠨ ᠳ᠋ᠦᠩᠨᠡᠨ ᠰᠢᠯᠵᠢᠭᠦᠯᠦᠭᠰᠡᠨ ᠬᠤᠶᠠᠷ ᠵᠢᠯ ᠳᠤ ᠮᠦᠨ ᠬᠦ ᠬᠡᠷᠡᠭᠯᠡᠵᠦ ᠳᠠᠭᠤᠰᠤᠭᠰᠠᠨ ᠦᠭᠡᠢ ᠪᠡᠯᠡ ᠮᠦᠩᠭᠦ ᠶᠢ ᠦᠯᠡᠳᠡᠪᠦᠷᠢ ᠪᠡᠯᠡ ᠮᠦᠩᠭᠦ ᠪᠠᠷ ᠪᠣᠳᠣᠵᠤ᠂ ᠡᠩ ᠤᠨ ᠣᠯᠠᠨ ᠨᠡᠶᠢᠲᠡ ᠶᠢᠨ ᠲᠥᠰᠥᠪ ᠲᠤ ᠰᠢᠯᠵᠢᠭᠦᠯᠦᠨ ᠣᠷᠤᠭᠤᠯᠤᠭᠰᠠᠨ ᠤ ᠳᠠᠷᠠᠭ᠎ᠠ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠷ ᠲᠣᠬᠢᠷᠠᠭᠤᠯᠤᠨ ᠬᠡᠷᠡᠭᠯᠡᠨ᠎ᠡ᠃   ᠠᠷᠪᠠᠳᠤᠭᠠᠷ ᠵᠦᠢᠯ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠪᠠᠷ ᠵᠠᠷᠤᠯᠭ᠎ᠠ ᠶᠢ ᠲᠣᠬᠢᠷᠠᠭᠤᠯᠤᠭᠰᠠᠨ ᠤ ᠳᠠᠷᠠᠭᠠᠬᠢ ᠦᠯᠡᠳᠡᠪᠦᠷᠢ ᠪᠡᠯᠡ ᠮᠥᠩᠭᠦ ᠪᠤᠶᠤ ᠵᠠᠷᠤᠯᠭ᠎ᠠ ᠶᠢ ᠲᠣᠬᠢᠷᠠᠭᠤᠯᠵᠤ ᠳᠡᠶᠢᠯᠦᠭᠰᠡᠨ ᠦᠭᠡᠶ ᠪᠡᠯᠡ ᠮᠥᠩᠭᠦ ᠶᠢ ᠡᠩ ᠤᠨ ᠣᠯᠠᠨ ᠨᠡᠶᠢᠲᠡ ᠶᠢᠨ ᠲᠥᠰᠦᠪ ᠲᠤ ᠰᠢᠯᠵᠢᠭᠦᠯᠦᠨ ᠣᠷᠣᠭᠤᠯᠵᠤ᠂ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠥᠩᠭᠦ ᠲᠣᠬᠢᠷᠠᠭᠤᠯᠬᠤ ᠳᠤ ᠬᠡᠷᠡᠭᠯᠡᠵᠦ ᠪᠣᠯᠤᠨ᠎ᠠ᠃    ᠠᠷᠪᠠᠨ ᠨᠢᠭᠡᠳᠦᠭᠡᠷ ᠵᠦᠢᠯ  ᠡᠩ ᠤᠨ ᠣᠯᠠᠨ ᠨᠡᠶᠢᠲᠡ ᠶᠢᠨ ᠲᠥᠰᠥᠪ ᠲᠤ ᠬᠡᠷᠡᠭᠯᠡᠬᠦ ᠦᠭᠡᠢ ᠲᠥᠰᠥᠪ ᠤᠨ ᠡᠷᠭᠢᠯᠲᠡ ᠶᠢᠨ ᠮᠦᠩᠭᠦ ᠶᠢ ᠪᠣᠳᠠᠲᠤ ᠬᠡᠷᠡᠭᠴᠡᠭᠡ ᠪᠠᠨ ᠦᠨᠳᠦᠰᠦᠯᠡᠨ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦᠨ ᠳᠤ ᠰᠢᠯᠵᠢᠭᠦᠯᠦᠨ ᠣᠷᠣᠭᠤᠯᠵᠤ ᠪᠣᠯᠣᠨ᠎ᠠ᠃    ᠠᠷᠪᠠᠨ ᠬᠤᠶᠠᠳᠤᠭᠠᠷ ᠵᠦᠢᠯ  ᠲᠥᠰᠦᠪ ᠤᠨ ᠲᠣᠭᠲᠠᠭᠤᠨ ᠲᠣᠬᠢᠷᠠᠭᠤᠯᠤᠯᠲᠠ ᠶᠢᠨ ᠰᠠᠭᠤᠷᠢ ᠮᠥᠩᠭᠦ ᠳᠤ ᠣᠷᠣᠭᠤᠯᠵᠤ ᠪᠣᠯᠬᠤ ᠪᠤᠰᠤᠳ ᠪᠡᠯᠡ ᠮᠥᠩᠭᠦ᠃    ᠭᠤᠷᠪᠠᠳᠤᠭᠠᠷ ᠪᠦᠯᠦᠭ  ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ    ᠠᠷᠪᠠᠨ ᠭᠤᠷᠪᠠᠳᠤᠭᠠᠷ ᠵᠦᠢᠯ  ᠡᠩ ᠤᠨ ᠣᠯᠠᠨ ᠨᠡᠢᠲᠡ ᠶᠢᠨ ᠲᠥᠰᠥᠪ ᠤᠨ ᠲᠥᠰᠥᠯ ᠢ ᠨᠠᠢᠷᠠᠭᠤᠯᠤᠨ ᠵᠣᠬᠢᠶᠠᠬᠤ ᠳᠤ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠵᠦ᠂ ᠡᠩ ᠤᠨ ᠣᠯᠠᠨ ᠨᠡᠢᠲᠡ ᠶᠢᠨ ᠲᠥᠰᠥᠪ ᠲᠤ ᠭᠠᠷᠤᠭᠰᠠᠨ ᠣᠷᠣᠯᠭ᠎ᠠ ᠵᠠᠷᠤᠯᠭ᠎ᠠ ᠶᠢᠨ ᠳᠤᠲᠠᠪᠤᠷᠢ ᠶᠢ ᠨᠦᠬᠦᠪᠦᠷᠢᠯᠡᠵᠦ ᠪᠣᠯᠣᠨ᠎ᠠ᠂ ᠬᠡᠷᠡᠭᠯᠡᠭᠰᠡᠨ ᠪᠡᠯᠡ ᠮᠦᠩᠭᠦ ᠶᠢ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠳᠤ ᠣᠷᠤᠭᠤᠯᠬᠤ ᠬᠡᠷᠡᠭᠲᠡᠢ᠃    ᠠᠷᠪᠠᠨ ᠳᠥᠷᠪᠡᠳᠦᠭᠡᠷ ᠵᠦᠢᠯ  ᠡᠩ ᠤᠨ ᠣᠯᠠᠨ ᠨᠡᠶᠢᠲᠡ ᠶᠢᠨ ᠲᠥᠰᠥᠪ ᠢ ᠬᠡᠷᠡᠭᠵᠢᠭᠦᠯᠬᠦ ᠳᠤᠮᠳᠠ᠂ ᠣᠷᠣᠯᠭ᠎ᠠ ᠳᠤᠲᠠᠭᠤ ᠪᠠ ᠵᠠᠷᠤᠯᠭ᠎ᠠ ᠨᠡᠮᠡᠭᠳᠡᠭᠦᠯᠬᠦ ᠵᠡᠷᠭᠡ ᠠᠴᠠ ᠪᠣᠯᠵᠤ ᠣᠷᠣᠯᠭ᠎ᠠ ᠵᠠᠷᠤᠯᠭ᠎ᠠ ᠶᠢᠨ ᠳᠤᠲᠠᠪᠤᠷᠢ ᠲᠠᠢ ᠪᠣᠯᠵᠤ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ ᠪᠠᠷ ᠳᠡᠮᠵᠢᠨ ᠲᠡᠩᠴᠡᠭᠦᠷᠢᠲᠡᠢ ᠪᠣᠯᠭᠠᠬᠤ ᠴᠢᠬᠤᠯᠠᠲᠠᠢ ᠪᠣᠯ᠂ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠰᠠᠨᠠᠯ ᠢᠶᠠᠨ ᠳᠤᠷᠠᠳᠴᠤ᠂ ᠠᠳᠠᠯᠢ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ︵ᠨᠣᠣᠷᠠᠭ︶ ᠨᠠᠶᠢᠷᠠᠭᠤᠯᠤᠨ ᠵᠣᠬᠢᠶᠠᠵᠤ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠢ᠃    ᠠᠷᠪᠠᠨ ᠲᠠᠪᠤᠳᠤᠭᠠᠷ ᠵᠦᠢᠯ  ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠬᠡᠪᠴᠢᠶ᠎ᠡ ᠶᠢ ᠵᠦᠢ ᠵᠣᠬᠢᠰᠲᠠᠢ ᠬᠢᠵᠠᠭᠠᠷᠯᠠᠵᠤ᠂ ᠣᠨ ᠤ ᠲᠥᠰᠥᠪ ᠢ ᠨᠠᠶᠢᠷᠠᠭᠤᠯᠤᠨ ᠵᠣᠬᠢᠶᠠᠬᠤ ᠳᠤ ᠲᠣᠬᠢᠷᠠᠭᠤᠯᠤᠨ ᠣᠷᠤᠭᠤᠯᠤᠭᠰᠠᠨ ᠤ ᠳᠠᠷᠠᠭ᠎ᠠ᠂ ᠡᠩ ᠤᠨ ᠪᠠᠶᠢᠳᠠᠯ ᠳᠤ ᠲᠤᠬᠠᠢ ᠶᠢᠨ ᠵᠢᠯ ᠤᠨ ᠲᠤᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠶᠡᠷᠦᠩᠬᠡᠢ ᠲᠣᠭᠠᠨ ᠤ 5% ᠠᠴᠠ ᠬᠡᠲᠦᠷᠡᠵᠦ ᠪᠣᠯᠬᠤ ᠦᠭᠡᠢ᠂ 5% ᠠᠴᠠ ᠬᠡᠲᠦᠷᠡᠭᠰᠡᠨ ᠬᠡᠰᠡᠭ ᠲᠤ ᠤᠯᠠᠭᠠᠨ ᠲᠤᠭ᠎ᠠ ᠶᠢ ᠲᠤᠯᠭᠠᠨ ᠬᠠᠰᠤᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠠᠮᠳᠠᠭᠤᠯᠬᠤ᠂ ᠲᠦᠷ ᠵᠣᠭᠤᠰ ᠢᠶᠠᠷ ᠲᠥᠯᠥᠬᠦ᠂ ᠲᠡᠦᠬᠡᠨ ᠥᠷᠢ ᠥᠭᠴᠡᠭᠡ ᠶᠢ ᠰᠢᠢᠳᠪᠦᠷᠢᠯᠡᠬᠦ ᠵᠡᠷᠭᠡ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃    ᠳᠥᠷᠪᠡᠳᠦᠭᠡᠷ ᠪᠦᠯᠦᠭ   ᠲᠥᠰᠦᠪ ᠤᠨ ᠵᠦᠢᠯ ᠢᠯᠭᠠᠯ ᠬᠢᠭᠡᠳ ᠳᠠᠩᠰᠠ ᠬᠠᠷ᠎ᠠ ᠶᠢ ᠰᠢᠢᠳᠪᠦᠷᠢᠯᠡᠬᠦ    ᠠᠷᠪᠠᠨ ᠵᠢᠷᠭᠤᠳᠤᠭᠠᠷ ᠵᠦᠢᠯ  ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠤᠯᠤᠰ ᠤᠨ ᠬᠦᠮᠦᠷᠭᠡ ᠶᠢᠨ ᠳᠠᠩ ᠭᠠᠭᠴᠠ ᠳᠠᠩᠰᠠᠨ ᠡᠷᠦᠬᠡ ᠳᠤ ᠬᠠᠳᠠᠭᠠᠯᠠᠵᠤ᠂ ᠡᠳ᠋ ᠤᠨ ᠵᠠᠰᠠᠭ ᠤᠨ ᠶᠡᠷᠦᠩᠬᠡᠢ ᠲᠥᠰᠥᠪ ᠤᠨ ᠨᠢᠭᠲᠠᠯᠠᠨ ᠪᠣᠳᠣᠭᠴᠢ ᠶᠢᠨ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ︾ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠲᠣᠬᠢᠷᠠᠭᠤᠯᠬᠤ︾ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ︾ ᠵᠡᠷᠭᠡ ᠲᠥᠷᠥᠯ ᠢ ᠪᠠᠶᠢᠭᠤᠯᠤᠨ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠪᠠᠶᠢᠭᠤᠯᠬᠤ᠂ ᠨᠥᠬᠦᠪᠦᠷᠢᠯᠡᠬᠦ ᠪᠠ ᠰᠢᠯᠵᠢᠭᠦᠯᠦᠨ ᠬᠡᠷᠡᠭᠯᠡᠬᠦ ᠵᠡᠷᠭᠡ ᠵᠦᠢᠯᠡᠰ ᠢ ᠲᠤᠰ ᠲᠤᠰ ᠲᠤᠰ ᠲᠤ ᠨᠢ ᠳᠤᠰᠬᠠᠨ᠎ᠠ᠃    ᠠᠷᠪᠠᠨ ᠳᠣᠯᠣᠳᠤᠭᠠᠷ ᠵᠦᠢᠯ  ᠡᠩ ᠤᠨ ᠣᠯᠠᠨ ᠨᠡᠶᠢᠲᠡ ᠶᠢᠨ ᠲᠥᠰᠥᠪ ᠤᠨ ᠪᠡᠯᠡ ᠮᠦᠩᠭᠦ ᠨᠢ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠲᠣᠬᠢᠷᠠᠭᠤᠯᠬᠤ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠲᠣᠬᠢᠷᠠᠭᠤᠯᠬᠤ︾ ᠵᠦᠢᠯ ᠢᠯᠭᠠᠯ ᠳᠤ ᠵᠢᠭᠰᠠᠭᠠᠨ᠎ᠠ᠃    ᠠᠷᠪᠠᠨ ᠨᠠᠢᠮᠠᠳᠤᠭᠠᠷ ᠵᠦᠢᠯ  ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠠᠴᠠ ᠪᠡᠯᠡ ᠮᠦᠩᠭᠦ ᠰᠢᠯᠵᠢᠭᠦᠯᠦᠨ ᠭᠠᠷᠭᠠᠵᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠲᠣᠬᠢᠷᠠᠭᠤᠯᠬᠤ ᠳᠠᠭᠠᠨ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠤᠨ ᠵᠠᠷᠤᠯᠭ᠎ᠠ ᠶᠢᠨ ︽ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠠᠴᠠ ᠰᠢᠯᠵᠢᠭᠦᠯᠦᠨ ᠭᠠᠷᠭᠠᠬᠤ ᠪᠡᠯᠡ ᠮᠦᠩᠭᠦ︾ ᠶᠢᠨ ᠵᠦᠢᠯ ᠢᠯᠭᠠᠯ ᠳᠤ ᠵᠢᠭᠰᠠᠭᠠᠨ᠎ᠠ᠃    ᠠᠷᠪᠠ ᠶᠢᠰᠦᠳᠦᠭᠡᠷ ᠵᠦᠢᠯ  ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠰᠢᠯᠵᠢᠭᠦᠯᠦᠨ ᠭᠠᠷᠭᠠᠭᠰᠠᠨ ᠪᠡᠯᠡ ᠮᠥᠩᠭᠦ ᠨᠢ ᠲᠥᠰᠦᠪ ᠤᠨ ᠲᠣᠭᠲᠠᠭᠤᠨ ᠲᠣᠬᠢᠷᠠᠭᠤᠯᠤᠯᠲᠠ ᠶᠢᠨ ᠰᠠᠭᠤᠷᠢ ᠮᠥᠩᠭᠦ ᠲᠣᠬᠢᠷᠠᠭᠤᠯᠬᠤ ᠳᠠᠭᠠᠨ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢᠨ ︽ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠠᠴᠠ ᠰᠢᠯᠵᠢᠭᠦᠯᠦᠨ ᠭᠠᠷᠭᠠᠭᠰᠠᠨ ᠪᠡᠯᠡ ᠮᠥᠩᠭᠦ︾ ᠶᠢ ᠵᠢᠭᠰᠠᠭᠠᠨ᠎ᠠ᠃    ᠬᠤᠷᠢᠳᠤᠭᠠᠷ ᠵᠦᠢᠯ  ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠣᠷᠤᠭᠤᠯᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ︾ ᠵᠦᠢᠯ ᠢᠯᠭᠠᠯ ᠳᠤ ᠵᠢᠭᠰᠠᠭᠠᠬᠤ ᠬᠡᠷᠡᠭᠲᠡᠢ᠃    ᠬᠤᠷᠢᠨ ᠨᠢᠭᠡᠳᠦᠭᠡᠷ ᠵᠦᠢᠯ  ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ︾ ᠶᠢᠨ ᠲᠦᠷᠦᠯ ᠤᠨ ᠬᠤᠭᠤᠴᠠᠭᠠᠨ ᠤ ᠰᠡᠭᠦᠯᠴᠢ ᠶᠢᠨ ᠵᠢᠭᠡᠯᠡᠯᠭᠡ ᠨᠢ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠪᠦᠬᠦ ᠬᠡᠪᠴᠢᠶ᠎ᠡ ᠶᠢ ᠲᠤᠰᠬᠠᠨ᠎ᠠ᠃ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠨᠥᠬᠦᠪᠦᠷᠢᠯᠡᠬᠦ ᠦᠶ᠎ᠡ ᠳᠤ᠂ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠲᠣᠬᠢᠷᠠᠭᠤᠯᠬᠤ︾ ᠵᠦᠢᠯ ᠢᠯᠭᠠᠯ ᠢ ᠵᠢᠭᠡᠯᠡᠨ ᠲᠡᠮᠳᠡᠭᠯᠡᠵᠦ᠂ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ︾ ᠶᠢᠨ ᠵᠦᠢᠯ ᠢᠯᠭᠠᠯ ᠢ ᠲᠣᠬᠢᠷᠠᠭᠤᠯᠤᠨ ᠬᠡᠷᠡᠭᠯᠡᠨ᠎ᠡ︔ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠰᠢᠯᠵᠢᠭᠦᠯᠦᠨ ᠬᠡᠷᠡᠭᠯᠡᠬᠦ ᠳᠤ ᠪᠠᠨ᠂ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ︾ ᠶᠢᠨ ᠵᠦᠢᠯ ᠢᠯᠭᠠᠯ ᠢ ᠵᠢᠭᠡᠯᠡᠨ ᠲᠡᠮᠳᠡᠭᠯᠡᠵᠦ᠂ ᠵᠢᠭᠡᠯᠡᠯᠭᠡ ᠶᠢ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ︾ ᠵᠦᠢᠯ ᠢᠯᠭᠠᠯ ᠢ ᠬᠡᠷᠡᠭᠯᠡᠨ᠎ᠡ᠃    ᠬᠤᠷᠢᠨ ᠬᠤᠶᠠᠳᠤᠭᠠᠷ ᠵᠦᠢᠯ  ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠨᠢᠭᠲᠠᠯᠠᠨ ᠪᠣᠳᠣᠬᠤ ᠲᠣᠭᠠᠴᠠᠭ᠎ᠠ ᠶᠢ ︽ᠡᠳ᠋ ᠤᠨ ᠵᠠᠰᠠᠭ ᠤᠨ ᠶᠡᠷᠦᠩᠬᠡᠢ ᠨᠢᠭᠲᠠᠯᠠᠨ ᠪᠣᠳᠣᠬᠤ ᠳᠦᠷᠢᠮ︾ ︵ᠡᠳ᠋ ᠬᠦᠮᠦᠷᠭᠡ︹2022︺41 ᠳ᠋ᠤᠭᠡᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠤᠭᠠᠷ ᠬᠡᠷᠡᠭᠵᠢᠭᠦᠯᠬᠦ ᠬᠡᠷᠡᠭᠲᠡᠢ᠃    ᠲᠠᠪᠤᠳᠤᠭᠠᠷ ᠪᠦᠯᠦᠭ   ᠳᠠᠭᠠᠯᠳᠤᠭᠤᠯᠤᠯ ᠳᠦᠷᠢᠮ    ᠬᠤᠷᠢᠨ ᠭᠤᠷᠪᠠᠳᠤᠭᠠᠷ ᠵᠦᠢᠯ  ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠳᠣᠲᠣᠭᠠᠳᠤ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠶᠢᠨ ᠬᠠᠮᠲᠤ ᠬᠢᠨᠠᠨ ᠪᠣᠳᠣᠬᠤ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠳ ᠲᠤᠰ ᠱᠠᠲᠤᠨ ᠤ ᠲᠥᠰᠦᠪ ᠤᠨ ᠲᠣᠭᠲᠠᠭᠤᠨ ᠲᠣᠬᠢᠷᠠᠭᠤᠯᠤᠯᠲᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠳᠤ ᠬᠢᠨᠠᠯᠲᠠ ᠲᠠᠯᠪᠢᠨ ᠪᠠᠶᠢᠴᠠᠭᠠᠬᠤ ᠶᠢ ᠬᠦᠯᠢᠶᠡᠵᠦ᠂ ᠲᠥᠰᠦᠪ ᠤᠨ ᠲᠣᠭᠲᠠᠭᠤᠨ ᠲᠣᠬᠢᠷᠠᠭᠤᠯᠤᠯᠲᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠷᠢᠨ ᠳᠥᠷᠪᠡᠳᠦᠭᠡᠷ ᠵᠦᠢᠯ  ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠤᠰ ᠠᠷᠭ᠎ᠠ ᠶᠢᠨ ᠲᠣᠭᠲᠠᠭᠠᠯ ᠢ ᠦᠨᠳᠦᠰᠦᠯᠡᠨ᠂ ᠲᠤᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠤᠰ ᠭᠠᠵᠠᠷ ᠣᠷᠣᠨ ᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ ᠪᠣᠯᠣᠨ᠎ᠠ᠃    ᠬᠤᠷᠢᠨ ᠲᠠᠪᠤᠳᠤᠭᠠᠷ ᠵᠦᠢᠯ   ᠲᠣᠰ ᠠᠷᠭ᠎ᠠ ᠶᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃    ᠬᠤᠷᠢᠨ ᠵᠢᠷᠭᠤᠳᠤᠭᠠᠷ ᠵᠦᠢᠯ  ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠤᠯᠠᠭᠠᠨᠴᠠᠪ ᠬᠤᠲᠠ ᠶᠢᠨ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ︹2016︺ 56 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃                                ᠣᠷᠴᠢᠭᠤᠯᠤᠭᠴᠢ᠄ ᠭᠤᠸ᠎ᠠ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2