︽ᠤᠯᠠᠭᠠᠨᠴᠠᠪ ᠤᠨ ᠭᠤᠤᠯ ᠬᠤᠲᠠ ᠲᠣᠭᠤᠷᠢᠭ ᠤᠨ ᠤᠰᠤ ᠬᠠᠩᠭᠠᠬᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠲᠠᠲᠠᠪᠤᠷᠢᠯᠠᠬᠤ ᠬᠡᠪᠴᠢᠶᠡᠨ ᠳᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠨᠡᠭᠦᠵᠦ ᠣᠷᠣᠬᠤ ᠬᠥᠮᠦᠨ ᠠᠮᠠ ᠶᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/15
ᠨᠢᠭᠡ᠂ ᠲᠤᠭᠤᠷᠪᠢᠭᠰᠠᠨ ᠠᠬᠤᠶ ᠪᠠᠶᠢᠳᠠᠯ ᠵᠢᠴᠢ ᠶᠠᠪᠤᠴᠠ    ᠤᠯᠠᠭᠠᠨᠴᠠᠪ ᠤᠨ ᠭᠤᠣᠯ ᠬᠤᠲᠠ ᠲᠣᠭᠤᠷᠢᠭ ᠤᠨ ᠤᠰᠤ ᠬᠠᠩᠭᠠᠬᠤ ᠪᠠᠷᠢᠯᠭ᠎ᠠ ᠪᠣᠯ ᠨᠢᠭᠡ ᠵᠦᠢᠯ ᠤᠨ ᠲᠣᠮᠣ ᠬᠡᠯᠪᠡᠷᠢ ᠶᠢᠨ ᠤᠰᠤ ᠲᠠᠲᠠᠬᠤ ᠢᠨᠵᠧᠨᠧᠷᠢᠩ ᠪᠣᠯᠤᠨ᠎ᠠ᠂ ᠪᠠᠷᠢᠯᠭ᠎ᠠ ᠶᠢᠨ ᠭᠤᠣᠯ ᠡᠭᠦᠷᠭᠡ ᠪᠣᠯ ᠤᠯᠠᠭᠠᠨᠴᠠᠪ ᠬᠤᠲᠠ ᠶᠢᠨ ᠭᠤᠣᠯ ᠬᠤᠲᠠ ᠲᠣᠭᠤᠷᠢᠭ ᠤᠨ ᠠᠮᠢᠳᠤᠷᠠᠯ ᠪᠠ ᠠᠵᠤ ᠦᠢᠯᠡᠳᠪᠦᠷᠢ ᠳᠤ ᠤᠰᠤ ᠬᠠᠩᠭᠠᠵᠤ᠂ ᠭᠤᠣᠯ ᠬᠤᠲᠠ ᠲᠣᠭᠤᠷᠢᠭ ᠤᠨ ᠠᠮᠢᠳᠤᠷᠠᠯ ᠪᠠ ᠠᠵᠤ ᠦᠢᠯᠡᠳᠪᠦᠷᠢ ᠳᠤ ᠬᠡᠷᠡᠭᠯᠡᠬᠦ ᠤᠰᠤᠨ ᠳᠤ ᠲᠣᠭᠲᠠᠭᠤᠨ ᠤᠰᠤ ᠬᠡᠷᠡᠭᠯᠡᠬᠦ ᠪᠠᠲᠤᠯᠠᠭ᠎ᠠ ᠬᠠᠩᠭᠠᠬᠤ ᠶᠢᠨ ᠬᠠᠮᠲᠤ ᠲᠤᠬᠠᠢ ᠶᠢᠨ ᠭᠠᠵᠠᠷ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠠᠰᠠᠭᠤᠳᠠᠯ ᠢ ᠨᠠᠮᠳᠠᠭᠤᠯᠤᠨ᠎ᠠ᠃ ᠲᠣᠰ ᠪᠠᠷᠢᠯᠭ᠎ᠠ ᠨᠢ ᠨᠢᠭᠡᠨᠲᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠳᠤ ᠵᠢᠭᠰᠠᠭᠠᠭᠳᠠᠭᠰᠠᠨ ᠪᠥᠭᠡᠳ 2024 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ︽ᠴᠢᠷᠮᠠᠶᠢᠵᠤ ᠪᠠᠶᠢᠭᠠᠳ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ 2024 ᠣᠨ ᠳᠤ᠂ ᠤᠯᠠᠭᠠᠨᠴᠠᠪ ᠤᠨ ᠭᠤᠤᠯ ᠬᠤᠲᠠ ᠲᠣᠭᠤᠷᠢᠭ ᠤᠨ ᠤᠰᠤ ᠳᠠᠮᠵᠢᠭᠤᠯᠬᠤ ᠪᠠᠷᠢᠯᠭ᠎ᠠ ᠶᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ︾ ᠭᠡᠵᠦ ᠲᠣᠳᠣᠷᠬᠠᠶ ᠳᠤᠷᠠᠳᠤᠨ ᠭᠠᠷᠭᠠᠪᠠ᠃ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢᠨ ᠲᠥᠯᠥᠭᠡ᠂ ︽ᠤᠯᠠᠭᠠᠨᠴᠠᠪ ᠤᠨ ᠭᠤᠤᠯ ᠬᠤᠲᠠ ᠲᠣᠭᠤᠷᠢᠭ ᠤᠨ ᠤᠰᠤ ᠬᠠᠩᠭᠠᠬᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠲᠠᠲᠠᠪᠤᠷᠢᠯᠠᠬᠤ ᠬᠡᠪᠴᠢᠶᠡᠨ ᠳᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠨᠡᠭᠦᠵᠦ ᠣᠷᠣᠬᠤ ᠬᠥᠮᠦᠨ ᠠᠮᠠ ᠶᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ︾ ᠢ ᠲᠤᠭᠤᠷᠪᠢᠬᠤ ᠶᠢᠨ ᠬᠠᠮᠲᠤ ᠬᠠᠮᠢᠶ᠎ᠠ ᠪᠥᠬᠦᠶ ᠬᠢᠨᠠᠨ ᠬᠠᠷᠭᠤᠭᠤᠯᠤᠯᠲᠠ ᠶᠢ ᠪᠠᠲᠤᠯᠠᠪᠠ᠃ᠬᠤᠶᠠᠷ᠂ ᠬᠠᠷᠠᠯᠳᠠᠳᠤ ᠡᠭᠦᠷᠭᠡ    ᠨᠡᠭᠦᠳᠡᠯ ᠠᠷᠠᠳ ᠢ ᠲᠥᠪᠬᠢᠨᠡᠭᠦᠯᠬᠦ ᠲᠥᠰᠦᠯ ᠢ ᠨᠢᠭᠡᠳᠦᠯᠲᠡᠶ ᠲᠥᠯᠥᠪᠵᠢᠭᠦᠯᠦᠨ᠂ ᠪᠠᠷᠢᠯᠭ᠎ᠠ ᠶᠢᠨ ᠡᠵᠡᠯᠡᠬᠦ ᠬᠡᠪᠴᠢᠶᠡᠨ ᠳᠣᠲᠣᠷᠠᠬᠢ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠣᠲᠣᠷ᠎ᠠ ︽ᠵᠠᠪᠳᠤᠨ ᠪᠠᠶᠢᠭᠤᠯᠵᠤ ᠵᠠᠪᠳᠤᠨ ᠲᠠᠷᠢᠬᠤ︾ ᠠᠴᠠ ᠵᠠᠶᠢᠯᠠᠰᠬᠢᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠲᠠᠲᠠᠪᠤᠷᠢᠯᠠᠬᠤ ᠬᠡᠪᠴᠢᠶᠡᠨ ᠳᠣᠲᠣᠷᠠᠬᠢ ᠡᠷᠦᠬᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠣᠲᠣᠷᠠᠬᠢ ᠬᠥᠮᠦᠨ ᠠᠮᠠ ᠶᠢᠨ ᠨᠡᠭᠦᠵᠦ ᠣᠷᠣᠬᠤ ᠶᠢ ᠴᠢᠩᠭ᠎ᠠ ᠬᠢᠵᠠᠭᠠᠷᠯᠠᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ᠭᠤᠷᠪᠠ᠂ ᠴᠠᠭ ᠤᠨ ᠬᠢᠵᠠᠭᠠᠷᠯᠠᠯ    ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ᠳᠥᠷᠪᠡ᠂ ᠭᠤᠤᠯ ᠠᠭᠤᠯᠭ᠎ᠠ    ᠲᠣᠰ ︽ᠵᠠᠷᠯᠠᠯ︾ ᠨᠢ ᠲᠠᠪᠤᠨ ᠨᠠᠷᠢᠨ ᠲᠦᠷᠢᠮ ᠪᠠ ᠤᠯᠠᠭᠠᠨᠴᠠᠪ ᠤᠨ ᠭᠤᠤᠯ ᠬᠤᠲᠠ ᠲᠣᠭᠤᠷᠢᠭ ᠤᠨ ᠤᠰᠤ ᠬᠠᠩᠭᠠᠬᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠲᠠᠲᠠᠪᠤᠷᠢᠯᠠᠬᠤ ᠬᠡᠪᠴᠢᠶᠡᠨ ᠤ ᠡᠷᠭᠢᠯᠲᠡ ᠶᠢᠨ ᠴᠡᠭ ᠤᠨ ᠪᠠᠶᠢᠷᠢᠰᠢᠯ ᠤᠨ ᠬᠦᠰᠦᠨᠦᠭᠲᠦ ᠪᠠᠷ ᠪᠦᠷᠢᠯᠳᠦᠵᠡᠶ᠃     ︵ᠨᠢᠭᠡ︶ ᠤᠯᠠᠭᠠᠨᠴᠠᠪ ᠤᠨ ᠭᠤᠣᠯ ᠬᠤᠲᠠ ᠲᠣᠭᠤᠷᠢᠭ ᠤᠨ ᠤᠰᠤ ᠬᠠᠩᠭᠠᠬᠤ ᠪᠠᠷᠢᠯᠭ᠎ᠠ ᠶᠢᠨ ᠤᠰᠤ ᠳᠠᠮᠵᠢᠭᠤᠯᠬᠤ ᠱᠤᠭᠤᠮ ᠤᠨ ᠪᠥᠬᠦ ᠣᠷᠳᠣ ᠨᠢ ᠪᠠᠷᠤᠭ 111.93km᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠹᠧᠩᠵᠧᠨ ᠬᠤᠲᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠯᠢᠶᠠᠩᠴᠧᠩ ᠰᠢᠶᠠᠨ 3 ᠬᠤᠰᠢᠭᠤ ᠰᠢᠶᠠᠨ ᠬᠤᠲᠠ ᠲᠣᠭᠤᠷᠢᠭ᠂ 9 ᠰᠢᠶᠠᠩ ᠪᠠᠯᠭᠠᠰᠤ ᠳᠤ ᠬᠤᠯᠪᠤᠭᠳᠠᠨ᠎ᠠ᠃ ᠲᠣᠰ ᠲᠣᠰ ᠹᠧᠩᠵᠧᠨ ᠬᠤᠲᠠ ᠶᠢᠨ ᠰᠠᠨ ᠢ ᠴᠢᠤᠸᠠᠨ ᠪᠠᠯᠭᠠᠰᠤ︔ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠯᠣᠣ ᠵᠢᠦᠸᠠᠨ ᠭᠧᠤ ᠰᠢᠶᠠᠩ᠂ ᠲᠤᠭ ᠤᠨ ᠠᠭᠤᠯᠠ ᠪᠠᠯᠭᠠᠰᠤ᠂ ᠪᠠᠶᠠᠨᠲᠠᠯ᠎ᠠ ᠪᠠᠯᠭᠠᠰᠤ᠂ ᠬᠤᠸᠠᠩ ᠴᠢ ᠬᠠᠢ ᠪᠠᠯᠭᠠᠰᠤ︔ ᠯᠢᠶᠠᠩᠴᠧᠩ ᠰᠢᠶᠠᠨ ᠤ ᠵᠢᠷᠭᠤᠳᠤᠭᠠᠷ ᠰᠤᠮᠤ ᠪᠠᠯᠭᠠᠰᠤ᠂ ᠳᠠᠭ᠎ᠠ ᠶᠢᠨ ᠨᠠᠭᠤᠷ ᠪᠠᠯᠭᠠᠰᠤ᠂ ᠮᠠᠶᠢᠬᠠᠨᠳᠤ ᠪᠠᠯᠭᠠᠰᠤ᠂ ᠲᠢᠶᠠᠨ ᠴᠧᠩ ᠰᠢᠶᠠᠩ ᠪᠤᠯᠤᠨ᠎ᠠ᠃    ︵ᠬᠤᠶᠠᠷ︶ ᠶᠠᠮᠠᠷᠪᠠ ᠨᠢᠭᠡᠴᠢ ᠪᠣᠯᠤᠨ ᠬᠤᠪᠢ ᠬᠥᠮᠦᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠲᠠᠲᠠᠪᠤᠷᠢᠯᠠᠬᠤ ᠬᠡᠪᠴᠢᠶᠡᠨ ᠳᠣᠲᠣᠷ᠎ᠠ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠭᠠᠷᠭᠠᠵᠤ ᠪᠣᠯᠬᠤ ᠦᠭᠡᠶ᠃ ᠭᠠᠵᠠᠷ ᠰᠢᠷᠣᠶ ᠪᠣᠯᠤᠨ ᠰᠢᠨ᠎ᠡ ᠪᠠᠷ ᠪᠠᠶᠢᠭᠤᠯᠬᠤ ᠭᠡᠷ ᠪᠠᠶᠢᠰᠢᠩ ᠵᠢᠴᠢ ᠪᠤᠰᠤᠳ ᠪᠡᠯᠡᠳᠬᠡᠮᠵᠢ ᠶᠢ ᠨᠡᠭᠡᠭᠡᠨ ᠬᠥᠭᠵᠢᠭᠦᠯᠵᠦ ᠪᠣᠯᠬᠤ ᠦᠭᠡᠶ᠃ ᠤᠤᠯ ᠭᠠᠵᠠᠷ ᠤᠨ ᠲᠥᠷᠥᠯ᠂ ᠭᠠᠵᠠᠷ ᠤᠨ ᠭᠠᠳᠠᠷᠭᠤ ᠶᠢ ᠬᠤᠪᠢᠷᠠᠭᠤᠯᠵᠤ ᠪᠣᠯᠬᠤ ᠦᠭᠡᠶ᠃ ᠲᠠᠷᠢᠶᠠᠨ ᠭᠠᠵᠠᠷ᠂ ᠴᠡᠴᠡᠷᠯᠢᠭ ᠤᠨ ᠭᠠᠵᠠᠷ᠂ ᠡᠯ᠎ᠡ ᠵᠦᠢᠯ ᠤᠨ ᠣᠯᠠᠨ ᠨᠠᠰᠤᠲᠤ ᠠᠵᠤ ᠠᠬᠤᠶ ᠶᠢᠨ ᠲᠠᠷᠢᠮᠠᠯ ᠪᠣᠯᠤᠨ ᠣᠶ ᠮᠣᠳᠣ ᠶᠢ ᠵᠠᠪᠳᠤᠨ ᠵᠠᠶᠢᠯᠠᠬᠤ ᠵᠡᠷᠭᠡ ᠭᠠᠵᠠᠷ ᠰᠢᠷᠣᠶ ᠶᠢᠨ ᠬᠡᠷᠡᠭᠴᠡᠭᠡ ᠶᠢ ᠬᠤᠪᠢᠷᠠᠭᠤᠯᠬᠤ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠬᠢᠵᠦ ᠪᠣᠯᠬᠤ ᠦᠭᠡᠶ᠃ ᠳᠡᠭᠡᠷᠡᠬᠢ ᠲᠣᠭᠲᠠᠭᠠᠯ ᠢ ᠵᠥᠷᠢᠴᠡᠪᠡᠯ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠦᠶ᠎ᠡ ᠳᠤ ᠴᠥᠮ ᠨᠥᠬᠦᠪᠥᠷᠢ ᠥᠭᠬᠦ ᠦᠭᠡᠶ ᠪᠥᠭᠡᠳ ᠳᠦᠷᠢᠮ ᠠᠴᠠ ᠵᠦᠷᠢᠴᠡᠭᠰᠡᠨ ᠢᠶᠠᠷ ᠰᠢᠢᠳᠪᠦᠷᠢᠯᠡᠨ᠎ᠡ᠃    ︵ᠭᠤᠷᠪᠠ︶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠲᠠᠲᠠᠪᠤᠷᠢᠯᠠᠬᠤ ᠬᠡᠪᠴᠢᠶᠡᠨ ᠳᠣᠲᠣᠷᠠᠬᠢ ᠡᠷᠦᠬᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠣᠲᠣᠷᠠᠬᠢ ᠬᠥᠮᠦᠨ ᠠᠮᠠ ᠶᠢᠨ ᠨᠡᠭᠦᠵᠦ ᠣᠷᠣᠬᠤ ᠶᠢ ᠴᠢᠩᠭ᠎ᠠ ᠬᠢᠵᠠᠭᠠᠷᠯᠠᠨ᠎ᠠ᠃ ᠬᠡᠦᠬᠡᠳ ᠲᠦᠷᠦᠬᠦ᠂ ᠤᠷᠤᠭᠯᠠᠬᠤ᠂ ᠴᠡᠷᠢᠭ ᠬᠥᠮᠦᠨ ᠴᠡᠷᠢᠭ ᠠᠴᠠ ᠬᠠᠯᠠᠭᠳᠠᠬᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠬᠦ᠂ ᠡᠷᠡᠭᠦᠦ ᠶᠢᠨ ᠭᠦᠢᠴᠡᠳᠬᠡᠬᠦ ᠬᠤᠭᠤᠴᠠᠭ᠎ᠠ ᠨᠢ ᠳᠦᠭᠦᠷᠴᠦ ᠰᠤᠯᠠᠯᠠᠭᠳᠠᠬᠤ ᠵᠡᠷᠭᠡ ᠨᠤᠲᠤᠭ ᠲᠠᠭᠠᠨ ᠪᠤᠴᠠᠭᠰᠠᠨ ᠬᠥᠮᠦᠨ ᠠᠮᠠ ᠠᠴᠠ ᠭᠠᠳᠠᠨ᠎ᠠ᠂ ᠳᠡᠭᠡᠷ᠎ᠡ ᠳᠤᠷᠠᠳᠤᠭᠰᠠᠨ ᠣᠷᠣᠨ ᠪᠦᠰᠡ ᠲᠡᠰᠢ ᠬᠥᠮᠦᠨ ᠠᠮᠠ ᠨᠡᠬᠦᠨ ᠤᠷᠤᠬᠤ ᠶᠢ ᠴᠠᠭᠠᠵᠠᠯᠠᠨ᠎ᠠ᠃    ︵ᠲᠦᠷᠪᠡ︶ ᠬᠤᠯᠪᠣᠭᠳᠠᠯ ᠪᠦᠬᠦᠢ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠣᠭᠲᠠᠭᠠᠯ ᠠᠴᠠ ᠵᠥᠷᠢᠴᠡᠨ ᠳᠡᠭᠡᠷ᠎ᠡ ᠳᠤᠷᠠᠳᠤᠭᠰᠠᠨ ᠣᠷᠣᠨ ᠤ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠨᠡᠭᠦᠵᠦ ᠣᠴᠢᠭᠰᠠᠨ ᠬᠥᠮᠦᠨ ᠠᠮᠠ ᠶᠢᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠶᠢᠨ ᠬᠠᠮᠲᠤ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃    ︵ᠲᠠᠪᠤ︶ ᠪᠠᠷᠢᠯᠭ᠎ᠠ ᠶᠢᠨ ᠭᠠᠵᠠᠷ ᠲᠠᠳᠠᠪᠤᠷᠢᠯᠠᠬᠤ ᠲᠤᠬᠢᠶᠠᠯ ᠢ ᠠᠰᠢᠭᠯᠠᠨ ᠤᠯᠠᠨ ᠲᠦᠮᠡᠨ ᠢ ᠦᠳᠦᠬᠡᠵᠦ ᠬᠡᠷᠡᠭ ᠳᠠᠳᠠᠬᠤ᠂ ᠭᠠᠵᠠᠷ ᠲᠠᠳᠠᠪᠤᠷᠢᠯᠠᠬᠤ ᠶᠢ ᠨᠡᠬᠦᠯᠭᠡᠬᠦ ᠠᠵᠢᠯ ᠳᠤ ᠬᠠᠷᠰᠢ ᠰᠠᠭᠠᠳ ᠤᠴᠠᠷᠠᠭᠤᠯᠬᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠬᠠᠷᠰᠢᠯᠠᠬᠤ ᠵᠡᠷᠭᠡ ᠬᠠᠤᠯᠢ ᠵᠦᠷᠢᠴᠡᠭᠰᠡᠨ ᠠᠵᠢᠯᠯᠠᠭ᠎ᠠ ᠶᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠳᠭᠡᠯ︾ ᠤᠨ ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠲᠣᠷᠭᠠᠭᠤᠯᠢ ᠣᠯᠭᠤᠨ᠎ᠠ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠲᠠᠪᠤ᠂ ᠠᠩᠬᠠᠷᠬᠤ ᠵᠦᠢᠯ    1. ᠪᠣᠳᠠᠲᠤ ᠶᠠᠭᠤᠮ᠎ᠠ ᠶᠢᠨ ᠭᠦᠢᠴᠡᠳᠬᠡᠬᠦ ᠲᠤᠭ᠎ᠠ ᠶᠢᠨ ᠪᠠᠶᠢᠴᠠᠭᠠᠯᠲᠠ ᠶᠢᠨ ᠠᠭᠤᠯᠭ᠎ᠠ ᠳᠤ ᠭᠠᠵᠠᠷ ᠰᠢᠷᠣᠶ᠂ ᠬᠥᠮᠦᠨ ᠠᠮᠠ᠂ ᠭᠡᠷ ᠪᠠᠶᠢᠰᠢᠩ ᠬᠢᠭᠡᠳ ᠭᠠᠵᠠᠷ ᠳᠡᠭᠡᠷᠡᠬᠢ ᠪᠦᠲᠦᠴᠡ ᠪᠣᠳᠠᠰ᠂ ᠬᠤᠲᠠ ᠪᠠᠯᠭᠠᠰᠤ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠲᠤᠰᠬᠠᠶ ᠵᠦᠢᠯ ᠤᠨ ᠪᠡᠯᠡᠳᠬᠡᠮᠵᠢ ︵ᠤᠰᠤᠨ ᠠᠰᠢᠭᠯᠠᠯᠲᠠ᠂ ᠴᠠᠬᠢᠯᠭᠠᠨ ᠬᠦᠴᠦᠨ᠂ ᠵᠠᠮ ᠬᠠᠷᠢᠯᠴᠠᠭ᠎ᠠ᠂ ᠷᠠᠳᠢᠣ᠋ ᠨᠡᠪᠲᠡᠷᠡᠭᠦᠯᠭᠡ᠂ ᠴᠢᠮᠡᠭᠡ ᠬᠤᠯᠪᠣᠭ᠎ᠠ᠂ ᠲᠡᠦᠬᠡ ᠶᠢᠨ ᠳᠤᠷᠠᠰᠬᠠᠯᠲᠤ ᠵᠦᠢᠯ᠂ ᠰᠤᠷᠭᠠᠭᠤᠯᠢ︶ ᠵᠡᠷᠭᠡ ᠪᠠᠭᠲᠠᠨ᠎ᠠ᠃    2. ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠨᠡᠭᠦᠵᠦ ᠣᠷᠣᠬᠤ ᠬᠥᠮᠦᠨ ᠠᠮᠠ ᠶᠢ ᠴᠠᠭᠠᠵᠠᠯᠠᠵᠤ᠂ ᠰᠢᠨ᠎ᠡ ᠪᠠᠷ ᠨᠡᠮᠡᠭᠳᠡᠭᠦᠯᠬᠦ ᠭᠠᠵᠠᠷ ᠰᠢᠷᠣᠶ ᠶᠢ ᠡᠷᠭᠢᠯᠳᠦᠭᠦᠯᠬᠦ᠂ ᠴᠡᠴᠡᠭ ᠡᠪᠡᠰᠦ ᠴᠢᠬᠢ ᠮᠣᠳᠣ ᠰᠢᠨ᠎ᠡ ᠪᠠᠷ ᠳᠡᠷᠢᠬᠤ᠂ ᠪᠠᠷᠢᠯᠭ᠎ᠠ ᠶᠢᠨ ᠵᠦᠢᠯ ᠰᠢᠨ᠎ᠡ ᠪᠠᠷ ᠪᠠᠶᠢᠭᠤᠯᠬᠤ᠂ ᠭᠡᠷ ᠪᠠᠶᠢᠰᠢᠩ ᠤᠨ ᠬᠡᠷᠡᠭᠴᠡᠭᠡ ᠶᠢ ᠬᠤᠪᠢᠷᠠᠭᠤᠯᠬᠤ ᠪᠠ ᠬᠠᠤᠯᠢ ᠪᠤᠰᠤ ᠪᠠᠷ ᠨᠡᠭᠦᠵᠦ ᠣᠷᠣᠬᠤ ᠬᠥᠮᠦᠨ ᠠᠮᠠ ᠶᠢ ᠬᠠᠤᠯᠢ ᠶᠣᠰᠣᠭᠠᠷ ᠪᠣᠳᠠᠲᠤ ᠶᠠᠭᠤᠮ᠎ᠠ ᠶᠢᠨ ᠭᠦᠢᠴᠡᠳᠬᠡᠬᠦ ᠲᠤᠭ᠎ᠠ ᠶᠢᠨ ᠪᠠᠶᠢᠴᠠᠭᠠᠯᠲᠠ ᠶᠢᠨ ᠬᠡᠪᠴᠢᠶᠡᠨ ᠳᠤ ᠣᠷᠣᠭᠤᠯᠬᠤ ᠦᠭᠡᠶ᠃    3. ᠵᠠᠷᠯᠠᠯ ᠨᠢ ᠬᠠᠤᠯᠢ ᠴᠠᠭᠠᠵᠠ ᠶᠢᠨ ᠬᠦᠴᠦᠨ ᠲᠠᠢ ᠪᠠᠶᠢᠵᠤ᠂ ᠬᠠᠮᠢᠶ᠎ᠠ ᠪᠦᠬᠦᠢ ᠨᠢᠭᠡᠴᠢ ᠪᠠ ᠬᠤᠪᠢ ᠬᠥᠮᠦᠨ ᠡᠷᠬᠡᠪᠰᠢ ᠵᠢᠷᠤᠮᠯᠠᠬᠤ ᠬᠡᠷᠡᠭᠲᠡᠶ᠃    4. ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠬᠤᠪᠢ ᠬᠥᠮᠦᠨ ᠪᠤᠶᠤ ᠨᠢᠭᠡᠴᠢ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠪᠦᠭᠡᠳ ᠬᠠᠷᠠᠭᠠᠯᠵᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠲᠤᠯᠭᠠᠨ᠎ᠠ᠃    5. ᠨᠢᠭᠡᠨᠲᠡ ᠣᠷᠣᠰᠢᠵᠤ ᠪᠠᠶᠢᠭ᠎ᠠ ᠬᠠᠤᠯᠢ ᠶᠣᠰᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠰᠠᠭᠤᠭᠠᠯᠢ ᠠᠷᠠᠳ ᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠲᠣᠬᠢᠲᠠᠶ ᠰᠢᠢᠳᠪᠦᠷᠢᠯᠡᠵᠦ᠂ ᠴᠢᠬᠤᠯᠠ ᠪᠤᠰᠤ ᠬᠤᠬᠢᠷᠠᠯ ᠠᠴᠠ ᠵᠠᠶᠢᠯᠠᠰᠬᠢᠬᠦ ᠬᠡᠷᠡᠭᠲᠡᠶ᠃    6. ᠵᠠᠷᠯᠠᠯ ᠢ ᠨᠡᠶᠢᠲᠡᠯᠡᠭᠰᠡᠨ ᠤ ᠳᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠤᠰ ᠵᠠᠷᠯᠠᠯ ᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠲᠣᠭᠲᠠᠭᠠᠯ ᠢ ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ᠵᠢᠷᠭᠤᠭ᠎ᠠ᠂ ᠤᠬᠠᠭᠤᠯᠭ᠎ᠠ ᠶᠢᠨ ᠬᠢᠨᠠᠯᠲᠠ ᠬᠠᠮᠢᠶᠠᠷᠤᠯᠲᠠ     ᠪᠠᠷᠢᠯᠭ᠎ᠠ ᠶᠢᠨ ᠪᠠᠶᠢᠭ᠎ᠠ ᠭᠠᠵᠠᠷ ᠤᠨ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠨᠢᠭᠡᠴᠢ ᠨᠦᠭᠦᠳ ᠤᠰᠤ ᠬᠠᠩᠭᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠣᠯᠤᠨ ᠲᠠᠶᠢᠯᠪᠤᠷᠢᠯᠠᠯᠲᠠ ᠶᠢ ᠢᠳᠡᠪᠬᠢᠲᠡᠶ ᠰᠠᠶᠢᠲᠤᠷ ᠬᠢᠬᠦ ᠶᠢᠨ ᠬᠠᠮᠲᠤ ︽ᠮᠡᠳᠡᠭᠳᠡᠯ︾ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠤᠯᠪᠣᠭᠳᠠᠬᠤ ᠣᠷᠣᠨ ᠪᠦᠰᠡ ᠶᠢᠨ ᠳᠣᠲᠣᠷ᠎ᠠ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠬᠤ ᠶᠠᠪᠤᠳᠠᠯ ᠭᠠᠷᠬᠤ ᠶᠢ ᠴᠠᠭᠠᠵᠠᠯᠠᠨ᠎ᠠ᠃    
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2