ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠳᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/16
                                  ᠸᠠᠩ ᠵᠢᠶᠦ᠋ᠨ ᠫᠢᠩ ᠰᠡᠭᠦᠳᠡᠷᠯᠡᠪᠡ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 8 ᠰᠠᠷ᠎ᠠ ᠶᠢᠨ 15 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠸᠠᠩ ᠶᠢᠨ ᠪᠦᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠮᠡᠳᠡᠭᠦᠯᠦᠯᠲᠡ ᠶᠢᠨ ᠬᠤᠷᠠᠯ ᠢ ᠡᠷᠭᠢᠯᠡᠪᠡ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃                     ᠵᠣᠬᠢᠶᠠᠭᠴᠢ᠄ ᠳ᠋ᠠᠢ ᠰᠢᠤᠸᠠᠢ  ᠰᠦᠨ ᠭᠦᠸᠧ ᠵᠢᠶᠦ᠋ᠨ                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2