ᠯᠢᠶᠠᠩᠴᠧᠩ ᠰᠢᠶᠠᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢᠶᠠᠷ ᠭᠠᠷᠳᠠᠴᠠ ᠪᠣᠯᠭᠠᠵᠤ ᠨᠢᠭᠡᠳᠦᠭᠡᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/8/16
   ᠡᠨᠡ ᠵᠢᠯ ᠠᠴᠠ ᠨᠠᠰᠢ᠂ ᠯᠢᠶᠠᠩᠴᠧᠩ ᠰᠢᠶᠠᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢᠶᠠᠷ ᠭᠠᠷᠳᠠᠴᠠ ᠪᠣᠯᠭᠠᠵᠤ᠂ ︽ᠠᠮᠤ ᠪᠤᠳᠠᠭ᠎ᠠ ᠰᠠᠭᠠᠯᠢ ᠶᠢᠨ ᠦᠨᠢᠶ᠎ᠡ ᠮᠢᠬᠠᠨ ᠦᠬᠡᠷ︾ ᠢ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ︽ᠲᠠᠷᠢᠶᠠᠨ ᠦᠷ᠎ᠡ ᠰᠣᠩᠭᠤᠬᠤ︾ ᠲᠠᠪᠴᠠᠩ᠂ ᠨᠣᠬᠠᠶ ᠶᠢᠨ ᠬᠤᠰᠢᠭᠤ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠨᠠᠷᠢᠨ ᠨᠢᠮᠪᠠᠶ ᠪᠠᠶᠢᠭᠤᠯᠵᠤ᠂ ᠲᠠᠷᠢᠮᠠᠯ ᠤᠨ ᠶᠡᠷᠦᠩᠬᠡᠶ ᠳᠠᠷᠢᠬᠤ ᠲᠠᠯᠠᠪᠠᠶ ᠶᠢ 94.5 ᠲᠦᠮᠡᠨ ᠮᠥ ᠳᠤ ᠲᠣᠭᠲᠠᠪᠤᠷᠢᠵᠢᠭᠤᠯᠵᠤ᠂ ᠤᠷᠭᠤᠯᠲᠠ ᠰᠠᠶᠢᠨ ᠪᠠᠶᠢᠵᠤ᠂ ᠡᠯᠪᠡᠭ ᠬᠤᠷᠢᠶᠠᠯᠲᠠ ᠤᠯᠬᠤ ᠬᠠᠨᠳᠤᠰᠢ ᠲᠠᠢ ᠪᠠᠶᠢᠨ᠎ᠠ᠃ ᠣᠲᠣ ᠦᠶ᠎ᠡ ᠶᠢᠨ ᠰᠦ ᠶᠢᠨ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠰᠦ ᠶᠢᠨ ᠦᠢᠯᠡᠰ ᠵᠢᠴᠢ ᠠᠯᠠᠰᠢᠨ ᠦᠬᠡᠷ ᠤᠨ ᠠᠵᠤ ᠦᠢᠯᠡᠰ ᠢᠶᠠᠷ ᠰᠢᠶᠠᠨ ᠢ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠰᠠᠭᠤᠷᠢ ᠶᠢ ᠨᠠᠩ ᠪᠠᠲᠤᠳᠬᠠᠪᠠ᠃    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2