| | ᠡᠨᠡ ᠵᠢᠯ ᠠᠴᠠ ᠨᠠᠰᠢ᠂ ᠱᠠᠩᠳᠤ ᠰᠢᠶᠠᠨ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠢᠳᠡᠭᠡᠨ ᠤ ᠠᠮᠤᠷ ᠲᠦᠪᠰᠢᠨ ᠤ ᠨᠠᠮ ᠵᠠᠰᠠᠭ ᠠᠳᠠᠯᠢ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ | ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠥᠬᠦ ᠰᠢᠶᠠᠨ ᠤ ᠢᠳᠡᠭᠡᠨ ᠤ ᠠᠮᠤᠷ ᠲᠦᠪᠰᠢᠨ ᠤ | ᠪᠦᠬᠦᠯᠢ ᠴᠣᠭᠴᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠲᠤ ᠰᠠᠬᠢᠪᠠ᠃ | ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠎ᠡ᠃ 7 ᠰᠠᠷ᠎ᠠ ᠶᠢᠨ ᠡᠬᠢ | ᠪᠣᠯᠲᠠᠯ᠎ᠠ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠵᠢᠴᠢ ᠠᠰᠠᠭᠤᠳᠠᠯ ᠢ 145 ᠣᠯᠵᠤ ᠮᠡᠳᠡᠵᠤ᠂ | ᠴᠥᠮ ᠬᠠᠤᠯᠢ ᠶᠣᠰᠣᠭᠠᠷ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ ᠪᠥᠬᠦ ᠰᠢᠶᠠᠨ ᠤ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ | ᠬᠢᠭᠡᠳ ᠠᠷᠠᠳ ᠤᠨ ᠬᠡᠷᠡᠭᠯᠡᠭᠡᠨ ᠤ ᠴᠢᠬᠤᠯᠠ ᠲᠠᠸᠠᠷ ᠤᠨ ᠦᠨ᠎ᠡ ᠶᠢᠨ ᠲᠣᠭᠲᠠᠭᠤᠨ ᠴᠢᠨᠠᠷ ᠢ ᠪᠠᠲᠤᠯᠠᠪᠠ᠃ | ᠭᠤᠷᠪᠠᠨ ᠱᠠᠲᠤᠨ ᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠡᠭᠦᠷᠭᠡ ᠶᠢᠨ ᠨᠠᠷᠢᠨ ᠬᠠᠭᠤᠳᠠᠰᠤ᠂ | ᠱᠠᠯᠠᠪᠳᠠᠭᠤᠯᠤᠨ ᠵᠢᠯᠣᠭᠤᠳᠬᠤ ᠨᠠᠷᠢᠨ ᠬᠠᠭᠤᠳᠠᠰᠤ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠶᠠᠳᠤᠭᠠᠷ | ᠤᠯᠠᠷᠢᠯ ᠳᠤ᠂ ᠱᠠᠯᠠᠪᠳᠠᠭᠤᠯᠤᠨ ᠵᠢᠯᠣᠭᠤᠳᠴᠤ ᠪᠡᠶᠡᠯᠡᠭᠦᠯᠦᠭᠰᠡᠨ ᠨᠣᠷᠮ᠎ᠠ 93.75% ᠳᠤ ᠬᠦᠷᠴᠦ᠂ | ᠱᠠᠯᠠᠪᠳᠠᠭᠤᠯᠤᠨ ᠵᠢᠯᠣᠭᠤᠳᠴᠤ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 99.9% ᠳᠤ ᠬᠦᠷᠴᠦ᠂ ᠢᠳᠡᠭᠡᠨ ᠤ | ᠠᠮᠤᠷ ᠲᠦᠪᠰᠢᠨ ᠤ ᠬᠠᠷᠢᠭᠤᠴᠠᠯᠭ᠎ᠠ ᠪᠠ ᠡᠭᠦᠷᠭᠡ ᠶᠢᠨ ᠠᠮᠠᠯᠠᠯᠲᠠ ᠶᠢᠨ ᠪᠢᠴᠢᠭ ᠢ ᠳᠠᠮᠵᠢᠭᠤᠯᠬᠤ ᠨᠣᠷᠮ᠎ᠠ | 100% ᠳᠤ ᠬᠦᠷᠴᠦ᠂ ᠠᠰᠠᠭᠤᠳᠠᠯ ᠢ ᠤᠯᠵᠤ ᠮᠡᠳᠡᠭᠰᠡᠨ ᠨᠣᠷᠮ᠎ᠠ 4.49% ᠳᠤ ᠬᠦᠷᠴᠦ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 100% ᠳᠤ ᠬᠦᠷᠪᠡ᠃ | ᠪᠦᠬᠦ ᠬᠦᠷᠢᠶᠡᠨ ᠳᠤ ᠢᠳᠡᠭᠡᠨ ᠤ ᠠᠮᠤᠷ ᠲᠦᠪᠰᠢᠨ ᠤ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠦ᠃ | ᠦᠢᠯᠡᠳᠬᠦᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ᠂ ᠮᠧᠲ᠋ᠠᠨᠢᠯ᠂ ᠬᠤᠤᠰ ᠬᠦᠴᠢᠯᠲᠥ᠋ᠷᠥᠭᠴᠢ ᠶᠢᠨ | ᠤᠰᠤᠨ ᠤ ᠠᠭᠤᠯᠤᠭᠳᠠᠴᠠ ᠶᠢ ᠰᠢᠯᠭᠠᠨ ᠪᠠᠶᠢᠴᠠᠭᠠᠬᠤ ᠪᠠᠷ ᠭᠤᠤᠯᠳᠠᠯᠭ᠎ᠠ ᠪᠣᠯᠭᠠᠵᠤ᠂ ᠢᠳᠡᠭᠡᠨ ᠤ ᠠᠮᠤᠷ | ᠲᠦᠪᠰᠢᠨ ᠢ ᠲᠦᠷᠭᠡᠨ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠬᠤᠲᠠ ᠶᠢᠨ ᠲᠣᠭᠤᠷᠢᠭ ᠲᠤ 130 | ᠪᠦᠯᠦᠭ ᠤᠳᠠᠭ᠎ᠠ᠂ ᠲᠠᠷᠢᠶᠠᠯᠠᠬᠤ ᠣᠷᠣᠨ ᠳᠤ 100 ᠪᠦᠯᠦᠭ ᠤᠳᠠᠭ᠎ᠠ ᠪᠡᠶᠡᠯᠡᠭᠦᠯᠪᠡ︔ ᠭᠤᠷᠪᠠᠳᠠᠬᠢ | ᠡᠲᠡᠭᠡᠳ ᠤᠨ ᠪᠠᠶᠢᠴᠠᠭᠠᠨ ᠰᠢᠯᠭᠠᠬᠤ ᠺᠣᠮᠫᠠᠨᠢ ᠲᠠᠢ ᠬᠠᠮᠵᠢᠯᠴᠠᠨ ᠲᠠᠷᠢᠶᠠᠯᠠᠩ ᠲᠤᠰᠠᠯᠠᠬᠤ ᠠᠵᠤ ᠠᠬᠤᠶ ᠶᠢᠨ | ᠪᠦᠲᠦᠭᠡᠭᠳᠡᠬᠦᠨ᠂ ᠤᠰᠤᠨ ᠤ ᠪᠦᠲᠦᠭᠡᠭᠳᠡᠬᠦᠨ᠂ ᠤᠷᠢᠳᠴᠢᠯᠠᠨ ᠪᠣᠭᠤᠳᠠᠯᠯᠠᠭᠰᠠᠨ ᠢᠳᠡᠭᠡᠨ ᠵᠡᠷᠭᠡ 26 ᠶᠡᠭᠡ | ᠲᠥᠷᠥᠯ ᠤᠨ ᠢᠳᠡᠭᠡᠨ ᠢᠶᠠᠷ ᠭᠤᠤᠯ ᠪᠣᠯᠭᠠᠵᠤ᠂ ᠥᠯᠢᠭᠡᠷ ᠠᠪᠴᠤ ᠬᠦᠷᠭᠡᠵᠦ ᠰᠢᠯᠭᠠᠨ ᠪᠠᠶᠢᠴᠠᠭᠠᠵᠤ᠂ ᠨᠢᠭᠡᠨᠲᠡ | 322 ᠪᠦᠯᠦᠭ ᠤᠳᠠᠭ᠎ᠠ ᠰᠤᠭᠤᠴᠢᠨ ᠪᠠᠶᠢᠴᠠᠭᠠᠵᠤ᠂ ᠵᠢᠯ ᠤᠨ ᠰᠤᠭᠤᠴᠢᠨ ᠪᠠᠶᠢᠴᠠᠭᠠᠬᠤ ᠲᠥᠯᠥᠪᠯᠡᠭᠡ ᠶᠣᠰᠣᠭᠠᠷ᠂ | ᠦᠯᠡᠳᠡᠭᠰᠡᠨ 88 ᠪᠦᠯᠦᠭ ᠤᠳᠠᠭ᠎ᠠ ᠶᠢᠨ ᠰᠤᠭᠤᠴᠢᠨ ᠪᠠᠶᠢᠴᠠᠭᠠᠬᠤ ᠡᠭᠦᠷᠭᠡ ᠶᠢ ᠳᠣᠤᠷ᠎ᠠ ᠬᠠᠭᠠᠰ ᠵᠢᠯ ᠳᠤ | ᠪᠡᠶᠡᠯᠡᠭᠦᠯᠦᠨ᠎ᠡ᠃ | ᠣᠲᠣ ᠪᠣᠯᠲᠠᠯ᠎ᠠ᠂ ᠱᠠᠩᠳᠤ ᠰᠢᠶᠠᠨ ᠤ SC ᠦᠨᠡᠮᠯᠡᠯ ᠣᠯᠤᠭᠰᠠᠨ ᠢᠳᠡᠭᠡᠨ ᠦᠢᠯᠡᠳᠪᠦᠷᠢᠯᠡᠬᠦ ᠠᠵᠤ | ᠠᠬᠤᠶᠢᠯᠠᠯ 50 ᠪᠠᠶᠢᠵᠤ᠂ ᠢᠳᠡᠭᠡᠨ ᠦᠢᠯᠡᠳᠪᠦᠷᠢᠯᠡᠵᠤ ᠡᠳ᠋ᠰᠢᠭᠦᠯᠬᠦ ᠵᠢᠵᠢᠭ ᠦᠢᠯᠡᠳᠬᠡᠯ ᠤᠨ ᠭᠠᠵᠠᠷ 56 ᠪᠠᠶᠢᠨ᠎ᠠ︔ | ᠢᠳᠡᠭᠡᠨ ᠤᠮᠳᠠᠭᠠᠨ ᠤ ᠭᠤᠭᠴᠤᠭ᠎ᠠ ᠳᠤ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠣᠯᠤᠭᠰᠠᠨ ᠡᠷᠦᠬᠡ | 610 ᠪᠠᠶᠢᠨ᠎ᠠ᠃ ᠡᠭᠦᠨ ᠳᠤ᠂ 455 ᠡᠷᠦᠬᠡ ︽ᠲᠣᠭᠤᠭᠠᠨ ᠬᠡᠷ ᠤᠨ ᠴᠡᠪᠡᠷ ᠵᠤᠤᠬ᠎ᠠ︾ ᠶᠢᠨ ᠪᠠᠷᠢᠮᠵᠢᠶ᠎ᠠ ᠳᠤ | ᠬᠥᠷᠪᠡ︔ ᠪᠥᠬᠦ 23 ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ ᠲᠤ ᠥᠩᠭᠡᠴᠢᠯᠡᠭᠰᠡᠨ ᠪᠠ | ︽4D︾ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠥᠭᠡᠳ ︽ᠢᠨᠲ᠋ᠧᠷ ᠰᠦᠯᠵᠢᠶᠡᠨ ᠤ ᠢᠯᠡ ᠲᠣᠭᠤᠭ᠎ᠠ ᠶᠢ | ᠭᠡᠷᠡᠯᠲᠦᠭᠦᠯᠬᠦ︾ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ 2024 ᠣᠨ ᠤ ᠳᠡᠭᠡᠷ᠎ᠡ ᠬᠠᠭᠠᠰ ᠵᠢᠯ ᠠᠴᠠ ᠨᠠᠰᠢ | ᠢᠳᠡᠭᠡᠨ ᠤ ᠠᠮᠤᠷ ᠲᠦᠪᠰᠢᠨ ᠤ ᠠᠳᠡᠯ ᠭᠠᠷᠤᠭᠰᠠᠨ ᠥᠬᠡᠶ᠃ | ᠵᠣᠬᠢᠶᠠᠭᠴᠢ᠄ ᠸᠠᠩ ᠶᠢᠨ ᠫᠧᠩ ᠵᠠᠩ ᠮᠢᠩ ᠴᠧᠩ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |