︽ᠤᠯᠠᠭᠠᠨᠴᠠᠪ ᠤᠨ ᠰᠥᠨᠢ︾ ᠨᠢ ᠵᠤᠭᠠᠴᠠᠭᠰᠠᠳ ᠤᠨ ᠵᠤᠭᠠᠴᠠᠨ ᠨᠠᠭᠠᠳᠬᠤ ᠰᠠᠶᠢᠬᠠᠨ ᠭᠠᠵᠠᠷ ᠪᠣᠯᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2024/8/19
           ︽ᠤᠯᠠᠭᠠᠨᠴᠠᠪ ᠤᠨ ᠰᠥᠨᠢ︾ ᠨᠢ ᠵᠤᠭᠠᠴᠠᠭᠰᠠᠳ ᠤᠨ ᠨᠠᠭᠠᠳᠤᠮ ᠤᠨ ᠰᠠᠶᠢᠬᠠᠨ ᠭᠠᠵᠠᠷ ᠪᠣᠯᠪᠠ᠃  
   ᠵᠤᠭᠠᠴᠠᠭᠰᠠᠳ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠣᠩᠭᠤᠨ ᠠᠪᠤᠪᠠ᠃    ︽ᠤᠯᠠᠭᠠᠨᠴᠠᠪ ᠤᠨ ᠰᠥᠨᠢ︾ ᠵᠡᠭᠡᠯᠢ ᠭᠤᠳᠤᠮᠵᠢ ᠳᠤ ᠬᠥᠮᠦᠨ ᠬᠠᠷ᠎ᠠ ᠬᠤᠷᠠᠨ ᠴᠤᠭᠯᠠᠷᠠᠵᠤ᠂ ᠣᠨᠴᠠᠭᠠᠶ ᠬᠥᠷ ᠬᠥᠭᠵᠢᠶᠡᠨ ᠲᠠᠢ᠃    ︽ᠤᠯᠠᠭᠠᠨᠴᠠᠪ ᠤᠨ ᠰᠥᠨᠢ︾ ᠵᠡᠭᠡᠯᠢ ᠭᠤᠳᠤᠮᠵᠢ ᠨᠢ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ᠂ ᠠᠬᠤᠶ ᠪᠠᠶᠢᠳᠠᠯ ᠢ ᠳᠡᠭᠡᠭᠰᠢᠯᠡᠭᠦᠯᠬᠦ᠂ ᠰᠣᠶᠣᠯ ᠢ ᠪᠡᠶᠡᠴᠢᠯᠡᠨ ᠣᠶᠢᠯᠠᠭᠠᠬᠤ ᠪᠠᠷ ᠳᠡᠮᠵᠢᠨ᠂ ᠲᠣᠭᠤᠷᠢᠨ ᠵᠤᠭᠠᠴᠠᠬᠤ᠂ ᠰᠣᠶᠣᠯ ᠤᠨ ᠡᠭᠦᠳᠦᠯᠲᠡ ᠶᠢᠨ ᠣᠶᠢᠯᠠᠭᠠᠯᠲᠠ᠂ ᠤᠨᠴᠠᠯᠢᠬᠳᠤ ᠢᠳᠡᠭᠡᠨ ᠤᠮᠳᠠᠭᠠᠨ᠂ ᠰᠣᠳᠣᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ᠂ ᠬᠠᠷᠢᠯᠴᠠᠨ ᠬᠥᠳᠡᠯᠦᠯᠴᠡᠬᠦ ᠵᠤᠭ᠎ᠠ ᠴᠡᠩᠭᠡᠯ ᠵᠡᠷᠭᠡ ᠶᠢ ᠨᠢᠭᠡ ᠴᠣᠭᠴᠠᠵᠢᠭᠤᠯᠤᠭᠰᠠᠨ ᠬᠤᠲᠠ ᠶᠢᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠪᠣᠯᠵᠣ᠂ ᠪᠥᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠢ ᠲᠠᠲᠠᠵᠤ ᠺᠠᠷᠳ᠋ᠯᠠᠨ ᠵᠤᠭᠠᠴᠠᠭᠤᠯᠪᠠ᠃ ᠵᠡᠭᠡᠯᠢ ᠨᠡᠭᠡᠭᠡᠭᠰᠡᠨ ᠠᠴᠠ ᠨᠠᠰᠢ᠂ ᠨᠢᠭᠡᠨᠲᠡ 280 ᠭᠠᠷᠤᠢ ᠲᠦᠮᠡᠨ ᠵᠤᠭᠠᠴᠠᠭᠰᠠᠳ ᠢ ᠬᠦᠯᠢᠶᠡᠨ ᠠᠪᠴᠠᠢ᠃                       ᠵᠣᠬᠢᠶᠠᠭᠴᠢ᠄ ᠯᠢᠦ ᡁᠢ ᠱᠤᠸᠠᠢ                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2