ᠨᠢᠭᠡ᠂ ᠲᠤᠭᠤᠷᠪᠢᠭᠰᠠᠨ ᠠᠬᠤᠶ ᠪᠠᠶᠢᠳᠠᠯ ᠪᠠ ᠶᠠᠪᠤᠴᠠ | 2024 ᠣᠨ ᠤ 4 ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠢᠯᠢᠳᠡᠭᠵᠢᠭᠦᠯᠵᠦ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢ ᠪᠠᠷ ᠨᠢᠭᠡ | ᠶᠠᠪᠤᠳᠠᠯ ᠢ ᠬᠦᠢᠴᠡᠳᠭᠡᠬᠦ﹀ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 15 ᠳ᠋ᠤᠭᠠᠷ ᠲᠣᠭᠠᠲᠤ︶ | ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ︽ᠥᠨᠳᠥᠷ ᠪᠦᠲᠦᠮᠵᠢ ᠪᠠᠷ ᠨᠢᠭᠡ ᠶᠠᠪᠤᠳᠠᠯ ᠢ ᠬᠦᠢᠴᠡᠳᠭᠡᠬᠦ︾ | ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ | ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠮᠠᠨ ᠤ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠢᠨ ᠦᠢᠯᠡᠳᠦᠯ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ︽ᠥᠨᠳᠥᠷ | ᠪᠦᠲᠦᠮᠵᠢ ᠪᠠᠷ ᠨᠢᠭᠡ ᠶᠠᠪᠤᠳᠠᠯ ᠢ ᠬᠦᠢᠴᠡᠳᠭᠡᠬᠦ︾ ᠠᠵᠢᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ | ᠪᠣᠳᠠᠲᠠᠶ ᠲᠠᠢ ᠪᠠᠨ ᠤᠶᠠᠯᠳᠤᠭᠤᠯᠤᠨ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ ᠵᠠᠰᠠᠭ | ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ︾ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠬᠡᠷᠡᠭᠵᠢᠭᠦᠯᠬᠦ ᠲᠥᠰᠦᠯ ︵ᠰᠠᠨᠠᠯ ᠬᠤᠷᠢᠶᠠᠬᠤ ᠨᠣᠤᠷᠠᠭ︶︾ ᠢ ᠲᠤᠭᠤᠷᠪᠢᠵᠤ᠂ 11 ᠬᠤᠰᠢᠭᠤ ᠰᠢᠶᠠᠨ | ᠬᠤᠲᠠ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ 35 ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ | ᠬᠤᠷᠢᠶᠠᠬᠤ ᠶᠢᠨ ᠬᠠᠮᠲᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠬᠢᠨᠠᠨ ᠬᠠᠷᠭᠤᠭᠤᠯᠤᠯᠲᠠ ᠪᠠᠷ ᠳᠡᠮᠵᠢᠨ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠢᠯᠢᠳᠡᠭᠵᠢᠭᠦᠯᠵᠦ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢ ᠪᠠᠷ ᠨᠢᠭᠡ | ᠶᠠᠪᠤᠳᠠᠯ ᠢ ᠬᠦᠢᠴᠡᠳᠭᠡᠬᠦ﹀ ᠲᠤᠬᠠᠢ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠡᠷᠡᠭᠵᠢᠭᠦᠯᠬᠦ | ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠤᠯᠠᠮ ᠨᠢᠭᠡ ᠠᠯᠬᠤᠮ ᠵᠠᠰᠠᠨ | ᠲᠡᠭᠦᠯᠳᠡᠷᠵᠢᠭᠦᠯᠪᠡ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠲᠥᠰᠦᠯ︾ ᠳᠤ ᠨᠡᠶᠢᠲᠡ ᠳᠥᠷᠪᠡᠨ ᠬᠡᠰᠡᠭ ᠠᠭᠤᠯᠭ᠎ᠠ ᠶᠢ ᠪᠠᠭᠲᠠᠭᠠᠨ᠎ᠠ᠃ | ᠨᠢᠭᠡᠳᠦᠭᠡᠷ ᠬᠡᠰᠡᠭ᠂ ᠶᠡᠷᠦᠩᠬᠡᠢ ᠬᠠᠷᠠᠯᠲᠠ᠃ 2024 ᠣᠨ᠂ 2027 ᠣᠨ ᠤ ᠬᠤᠶᠠᠷ ᠵᠠᠩᠭᠢᠯᠠᠭ᠎ᠠ ᠶᠢᠨ | ᠴᠡᠭ ᠠᠴᠠ ︽ᠥᠨᠳᠥᠷ ᠪᠦᠲᠦᠮᠵᠢ ᠪᠠᠷ ᠨᠢᠭᠡ ᠶᠠᠪᠤᠳᠠᠯ ᠢ ᠬᠦᠢᠴᠡᠳᠭᠡᠬᠦ︾ ᠬᠠᠮᠢᠶ᠎ᠠ ᠪᠦᠬᠦᠢ ᠱᠠᠭᠠᠷᠳᠠᠯᠭ᠎ᠠ ᠪᠠ | ᠬᠠᠷᠠᠯᠲᠠ ᠶᠢ ᠲᠣᠳᠣᠷᠬᠠᠶᠢᠯᠠᠪᠠ᠃ | ᠬᠤᠶᠠᠳᠤᠭᠠᠷ ᠬᠡᠰᠡᠭ᠂ ᠭᠤᠣᠯ ᠡᠭᠦᠷᠭᠡ᠃ ᠥᠪᠡᠷᠲᠡᠭᠡᠨ ᠵᠠᠰᠠᠬᠤ ᠣᠷᠣᠨ ᠤ ︽ᠥᠨᠳᠥᠷ ᠪᠦᠲᠦᠮᠵᠢ ᠪᠠᠷ ᠨᠢᠭᠡ | ᠶᠠᠪᠤᠳᠠᠯ ᠢ ᠬᠦᠢᠴᠡᠳᠭᠡᠬᠦ︾ ᠡᠭᠦᠷᠭᠡ ᠶᠢᠨ ᠱᠠᠭᠠᠷᠳᠠᠯᠭ᠎ᠠ ᠶᠤᠰᠤᠭᠠᠷ᠂ ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠥᠭᠵᠢᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠬᠤᠯᠪᠣᠭᠳᠠᠬᠤ ᠵᠦᠢᠯᠡᠰ ᠢ | ᠲᠥᠪᠯᠡᠷᠡᠭᠦᠯᠦᠨ ᠭᠦᠢᠴᠡᠳᠬᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠬᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠭᠤᠷᠪᠠᠨ ᠲᠠᠯ᠎ᠠ ᠪᠠᠷ 15 ᠭᠤᠣᠯ | ᠡᠭᠦᠷᠭᠡ ᠶᠢ ᠪᠠᠶᠢᠷᠢᠯᠠᠭᠤᠯᠬᠤ ᠶᠢᠨ ᠬᠠᠮᠲᠤ ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠯᠭᠠᠲᠤ ᠰᠠᠯᠠᠭ᠎ᠠ | ᠮᠥᠴᠢᠷ ᠢ ᠲᠣᠳᠣᠷᠬᠠᠶᠢᠯᠠᠪᠠ᠃ | ᠭᠤᠷᠪᠠᠳᠤᠭᠠᠷ ᠬᠡᠰᠡᠭ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠬᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠤᠬᠠᠭᠤᠯᠤᠨ | ᠳᠡᠯᠭᠡᠷᠡᠭᠦᠯᠬᠦ ᠶᠢ ᠴᠢᠩᠭᠠᠳᠬᠠᠬᠤ ᠭᠤᠷᠪᠠᠨ ᠲᠠᠯ᠎ᠠ ᠪᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ | ᠳᠥᠷᠪᠡᠳᠦᠭᠡᠷ ᠬᠡᠰᠡᠭ᠂ ᠳᠠᠭᠠᠯᠳᠤᠭᠤᠯᠤᠯ᠃ ︽2024 ᠣᠨ ᠤ ︿ᠥᠨᠳᠥᠷ ᠪᠦᠲᠦᠮᠵᠢ ᠪᠠᠷ ᠨᠢᠭᠡ ᠶᠠᠪᠤᠳᠠᠯ | ᠢ ᠭᠦᠢᠴᠡᠳᠬᠡᠬᠦ﹀ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ︾ ᠳᠤ᠂ ︽ᠢᠳᠡᠭᠡᠨ ᠤᠮᠳᠠᠭᠠᠨ ᠤ ᠳᠡᠯᠭᠡᠭᠦᠷ︾ | ᠨᠡᠭᠡᠭᠡᠨ ᠡᠷᠬᠢᠯᠡᠬᠦ᠂ ᠠᠵᠤ ᠠᠬᠤᠶᠢᠯᠠᠯ ᠤᠨ ᠳᠠᠩᠰᠠᠯᠠᠯ ᠢ ᠬᠦᠴᠦᠨ ᠦᠭᠡᠢ ᠪᠣᠯᠭᠠᠬᠤ᠂ ᠬᠡᠦᠬᠡᠳ ᠲᠦᠷᠦᠬᠦ᠂ | ᠵᠡᠮᠳᠡᠭᠴᠦᠳ ᠤᠨ ᠦᠢᠯᠡᠴᠢᠯᠡᠭᠡ᠂ ᠠᠵᠢᠯ ᠠᠴᠠ ᠪᠠᠨ ᠠᠮᠠᠷᠠᠬᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢ | ᠬᠤᠪᠢᠷᠠᠭᠤᠯᠬᠤ᠂ ᠲᠡᠭᠡᠭᠡᠪᠦᠷᠢ ᠶᠢᠨ ᠠᠵᠤ ᠠᠬᠤᠶᠢᠯᠠᠯ ᠢ ᠨᠡᠭᠡᠭᠡᠨ ᠡᠷᠬᠢᠯᠡᠬᠦ᠂ ᠤᠰᠤ ᠴᠠᠬᠢᠯᠭᠠᠨ ᠬᠡᠢ | ᠳᠤᠯᠠᠭᠠᠯᠠᠭ᠎ᠠ ᠶᠢᠨ ᠲᠣᠣᠷ ᠢ ᠬᠠᠮᠲᠤᠷᠠᠨ ᠮᠡᠳᠡᠭᠦᠯᠵᠦ ᠤᠭᠰᠠᠷᠠᠬᠤ᠂ ᠢᠲᠡᠭᠡᠮᠵᠢ ᠶᠢ ᠰᠡᠷᠭᠦᠭᠡᠬᠦ᠂ ᠠᠵᠤ ᠠᠬᠤᠶᠢᠯᠠᠯ | ᠤᠨ ᠵᠠᠬ᠎ᠠ ᠳᠡᠯᠭᠡᠭᠦᠷ ᠲᠤ ᠭᠠᠷᠬᠤ ᠮᠡᠳᠡᠭᠡ ᠵᠠᠩᠭᠢ ᠶᠢᠨ ᠬᠠᠤᠯᠢ ᠲᠣᠭᠲᠠᠭᠠᠯ ᠳᠤ ᠨᠡᠶᠢᠴᠡᠬᠦ ᠡᠰᠡᠬᠦ ᠶᠢ ᠬᠠᠷᠭᠤᠭᠤᠯᠤᠨ | ᠪᠠᠶᠢᠴᠠᠭᠠᠬᠤ᠂ ᠠᠵᠤ ᠠᠬᠤᠶᠢᠯᠠᠯ ᠤᠨ ᠳᠠᠮᠫᠤᠷᠠᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ | ᠰᠤᠷᠭᠠᠭᠤᠯᠢ ᠳᠤ ᠣᠷᠣᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ ᠦᠢᠯᠡᠴᠢᠯᠡᠭᠡ᠂ | ᠡᠨᠧᠷᠭᠢ ᠶᠢᠨ ᠬᠦᠷᠢᠶᠡᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠵᠠᠮ | ᠬᠠᠷᠢᠯᠴᠠᠭᠠᠨ ᠤ ᠬᠦᠷᠢᠶᠡᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠡᠷᠭᠡ ᠨᠡᠶᠢᠳᠡ | 16 ︽ᠨᠢᠭᠡ ᠶᠠᠪᠤᠳᠠᠯ︾ ᠳᠤ ᠬᠤᠯᠪᠣᠭᠳᠠᠭᠰᠠᠨ 99 ᠵᠦᠢᠯ ᠢ ᠲᠦᠷᠦᠭᠦᠯᠡᠨ ᠬᠢᠬᠦ ᠰᠠᠯᠠᠭ᠎ᠠ ᠮᠥᠴᠢᠷ ᠪᠠ | ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠪᠠ᠃ | | | | | |