| | 8 ᠰᠠᠷ᠎ᠠ ᠶᠢᠨ 20 ᠤ ᠡᠳᠦᠷ᠂ ᠵᠦᠩ ᠨᠧᠩ ᠵᠢᠶᠠᠨ ︵ᠱᠠᠩᠬᠠᠢ︶ ᠢᠵᠢ ᠪᠦᠷᠢᠨ ᠢᠨᠵᠧᠨᠧᠷᠢᠩ ᠤᠨ | ᠬᠢᠵᠠᠭᠠᠷᠲᠤ ᠺᠣᠮᠫᠠᠨᠢ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠢᠨᠠᠭᠴᠢ ᠮᠠ ᠬᠤᠢ ᠰᠢᠶᠠᠩ ᠨᠠᠷ ᠯᠢᠶᠠᠩᠴᠧᠩ | ᠰᠢᠶᠠᠨ ᠳᠤ ᠬᠦᠷᠴᠦ 200MW/800MWh ᠴᠠᠬᠢᠯᠭᠠᠨ ᠲᠣᠣᠷ ᠤᠨ ᠳᠠᠯ᠎ᠠ ᠶᠢᠨ ᠡᠨᠧᠷᠭᠢ ᠬᠠᠳᠠᠭᠠᠯᠠᠬᠤ | ᠴᠠᠬᠢᠯᠭᠠᠨ ᠦᠷᠳᠡᠭᠡ ᠶᠢᠨ ᠲᠦᠷᠦᠯ ᠵᠦᠢᠯ ᠤᠨ ᠲᠤᠬᠠᠢ ᠵᠥᠪᠳᠡᠯᠴᠡᠭᠰᠡᠨ ᠤ ᠬᠠᠮᠲᠤ ᠪᠦᠳᠦᠭᠦᠪᠴᠢ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ | ᠲᠣᠰ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠲᠤ ᠬᠦᠷᠴᠦ᠂ | ᠹᠣᠰᠹᠣᠷ ᠬᠦᠴᠢᠯ ᠤᠨ ᠲᠡᠮᠦᠷ ᠯᠢᠲ᠋ᠢ ᠶᠢᠨ ᠡᠨᠧᠷᠭᠢ ᠬᠠᠳᠠᠭᠠᠯᠠᠬᠤ ᠮᠡᠷᠭᠡᠵᠢᠯ ᠢ ᠬᠡᠷᠡᠭᠯᠡᠨ ᠯᠢᠶᠠᠩᠴᠧᠩ ᠰᠢᠶᠠᠨ ᠤ | 220kV ᠬᠦᠴᠦᠳᠡᠯ ᠥᠭᠡᠷᠡᠴᠢᠯᠡᠬᠦ ᠥᠷᠲᠡᠭᠡ ᠶᠢᠨ ᠬᠠᠪᠢ ᠳᠤ ᠨᠢᠭᠡᠨ 100MW / 400MWh | ᠴᠠᠬᠢᠯᠭᠠᠨ ᠲᠣᠣᠷ ᠤᠨ ᠳᠠᠯ᠎ᠠ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠪᠠᠶᠢᠭᠤᠯᠵᠤ᠂ ᠲᠢᠶᠠᠨ ᠴᠧᠩ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠨᠢᠭᠡᠨ 100MW / 400MWh ᠴᠠᠬᠢᠯᠭᠠᠨ | ᠲᠣᠣᠷ ᠤᠨ ᠲᠠᠯ᠎ᠠ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠪᠠᠶᠢᠭᠤᠯᠬᠤ ᠶᠢᠨ ᠬᠠᠮᠲᠤ ᠬᠦᠴᠦᠳᠡᠯ | ᠳᠡᠭᠡᠭᠰᠢᠯᠡᠭᠦᠯᠬᠦ ᠥᠷᠲᠡᠭᠡ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠵᠢᠯ ᠳᠤ 2.4 ᠳ᠋ᠦᠩᠰᠢᠭᠤᠷ ᠭᠷᠠᠳᠦ᠋ᠰ᠂ 2. | 04 ᠳ᠋ᠦᠩᠰᠢᠭᠤᠷ ᠭᠷᠠᠳᠦ᠋ᠰ ᠴᠠᠬᠢᠯᠭᠠᠨ ᠴᠡᠨᠡᠭᠯᠡᠵᠦ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ | ᠲᠣᠤᠷ ᠤᠨ ᠡᠨᠧᠷᠭᠢ ᠬᠠᠳᠠᠭᠠᠯᠠᠵᠤ ᠣᠷᠭᠢᠯ ᠢ ᠲᠣᠬᠢᠷᠠᠭᠤᠯᠬᠤ ᠨᠠᠶᠢᠳᠠᠪᠤᠷᠢᠲᠠᠶ ᠴᠢᠳᠠᠮᠵᠢ ᠶᠢ ᠬᠠᠩᠭᠠᠵᠤ᠂ | ᠯᠢᠶᠠᠩᠴᠧᠩ ᠰᠢᠶᠠᠨ ᠤ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠪᠡᠶᠡᠯᠡᠭᠦᠯᠬᠦ ᠳᠤ | ᠬᠦᠴᠦᠲᠡᠶ ᠪᠠᠲᠤᠯᠠᠭ᠎ᠠ ᠬᠠᠩᠭᠠᠬᠤ ᠪᠣᠯᠤᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |