ᠴᠢ ᠹᠸᠢ ᠶᠦᠨ ᠬᠤᠸᠠᠳᠧ ᠰᠢᠶᠠᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/26
   8 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠬᠤᠸᠠᠳᠧ ᠰᠢᠶᠠᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠤᠬᠴᠠᠵᠢᠭᠤᠯᠤᠬᠰᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    ᠳᠠᠪᠠᠭᠠᠲᠤ ᠰᠢᠶᠠᠩ ᠤᠨ ᠳᠠᠪᠠᠭᠠᠲᠤ ᠲᠣᠰᠬᠤᠨ ᠳᠤ᠂ ᠴᠢ ᠹᠸᠢ ᠶᠦᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ ᠲᠦᠷᠦᠭᠳᠡᠯ ᠢᠶᠠᠨ ᠶᠠᠷᠢᠵᠤ᠂ ᠰᠡᠳᠬᠢᠴᠡ ᠪᠠᠨ ᠶᠠᠷᠢᠯᠴᠠᠭᠰᠠᠨ ᠪᠥᠭᠡᠳ ᠨᠠᠰᠤᠵᠢᠯ ᠤᠨ ᠠᠰᠠᠷᠠᠮᠵᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠷᠣᠯᠠᠭᠤᠯᠤᠭᠰᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠨᠢᠭᠡ ᠤᠳᠠᠭ᠎ᠠ ᠶᠢᠨ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠤᠨ᠎ᠠ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠥᠳᠡᠭᠡ ᠲᠣᠰᠬᠤᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠬᠠᠷᠠᠯᠲᠠ ᠪᠠᠨ ᠲᠣᠳᠣᠷᠬᠠᠶᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠴᠢᠩᠭᠠᠳᠬᠠᠵᠤ᠂ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠬᠡᠪᠴᠢᠶᠡᠵᠢᠭᠰᠡᠨ᠂ ᠠᠵᠤ  ᠦᠢᠯᠡᠰᠵᠢᠭᠰᠡᠨ᠂ ᠨᠠᠷᠠᠲᠤ ᠲᠡᠮᠳᠡᠭᠵᠢᠭᠰᠡᠨ᠂ ᠳᠡᠭᠡᠳᠦ ᠲᠠᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ︽ᠭᠡᠷ᠎ᠡ ᠶᠢᠨ ᠵᠣᠷᠢᠭ ᠰᠠᠨᠠᠭ᠎ᠠ︾ ᠶᠢ ᠪᠤᠢ ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃    ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠴᠢ ᠹᠸᠢ ᠶᠦᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠭᠦᠨᠵᠡᠭᠡᠶ ᠣᠶᠢᠯᠠᠭᠠᠪᠠ᠃ ᠲᠡᠷᠡ᠂ ᠨᠠᠷᠢᠯᠢᠭ ᠲᠥᠯᠥᠪᠵᠢᠭᠦᠯᠵᠦ᠂ ᠨᠠᠷᠢᠯᠢᠭ ᠣᠨᠣᠴᠠᠲᠠᠶ ᠪᠠᠷ ᠲᠥᠰᠦᠭᠡᠯᠡᠨ ᠪᠤᠳᠤᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠴᠢᠬᠢ ᠮᠣᠳᠣ ᠳᠠᠷᠢᠬᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠡᠯ᠎ᠡ ᠵᠦᠢᠯ ᠤᠨ ᠠᠵᠢᠯ ᠢ ᠬᠠᠨᠳᠤᠯᠭᠠᠲᠤ ᠴᠢᠨᠠᠷᠲᠠᠶ ᠪᠠᠷ ᠰᠠᠶᠢᠲᠤᠷ ᠬᠢᠬᠦ ᠬᠡᠷᠡᠭᠲᠡᠶ᠃ ᠲᠦᠷᠦᠯ ᠵᠦᠢᠯ ᠤᠨ ᠶᠠᠰᠤ ᠴᠢᠨᠠᠷ ᠢ ᠪᠠᠲᠤᠯᠠᠵᠤ᠂ ᠰᠢᠯᠭᠠᠨ ᠠᠪᠴᠤ ᠬᠢᠨᠠᠨ ᠪᠠᠶᠢᠴᠠᠭᠠᠬᠤ ᠶᠢ ᠴᠢᠩᠳᠠᠯᠠᠵᠤ᠂ ᠨᠢᠭᠡ ᠬᠡᠰᠡᠭ ᠵᠠᠰᠠᠬᠤ᠂ ᠨᠢᠭᠡ ᠬᠡᠰᠡᠭ ᠪᠦᠲᠦᠭᠡᠬᠦ᠂ ᠨᠢᠭᠡ ᠬᠡᠰᠡᠭ ᠨᠣᠭᠤᠭᠠᠷᠠᠭᠤᠯᠬᠤ ᠶᠢ ᠪᠠᠲᠤᠯᠠᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠠᠵᠢᠯ ᠢ ᠤᠶᠠᠯᠳᠤᠭᠤᠯᠵᠤ᠂ ᠠᠮᠢ ᠠᠬᠤᠢ ᠶᠢ ᠰᠡᠷᠭᠦᠭᠡᠬᠦ᠂ ᠠᠵᠤ ᠦᠢᠯᠡᠰ ᠢ ᠬᠥᠭᠵᠢᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠤᠶᠠᠯᠳᠤᠭᠤᠯᠬᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠵᠠᠮ ᠢ ᠰᠦᠪᠡᠭᠴᠢᠯᠡᠬᠦ ᠬᠡᠷᠡᠭᠲᠡᠢ ᠭᠡᠵᠦ ᠬᠡᠯᠡᠪᠡ᠃     ᠪᠠᠶᠢᠴᠠᠭᠠᠨ ᠰᠤᠳᠤᠯᠤᠯᠲᠠ ᠬᠢᠬᠦ ᠵᠠᠮ ᠳᠠᠭᠠᠨ᠂ ᠴᠢ ᠹᠸᠢ ᠶᠦᠨ ᠪᠠᠰᠠ ᠤᠯᠤᠰ ᠮᠤᠵᠢ ᠶᠢᠨ ᠭᠤᠣᠯ ᠵᠠᠮ ᠳᠠᠭᠠᠤ ᠶᠢᠨ ᠵᠣᠷᠯᠣᠩ᠂ ᠵᠤᠭᠠᠴᠠᠯ ᠤᠨ ᠵᠣᠷᠯᠣᠩ ᠤᠨ ᠪᠦᠳᠦᠭᠡᠨ ᠪᠠᠶᠢᠭᠤᠯᠤᠯᠲᠠ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃     ᠹᠠᠩ ᠽᠧ ᠣᠷᠣᠯᠴᠠᠵᠠᠢ᠃                                           ᠣᠷᠴᠢᠭᠤᠯᠤᠭᠴᠢ᠄ ᠭᠤᠸ᠎ᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2