7 ᠰᠠᠷ᠎ᠠ ᠳᠤ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠬᠤ ᠬᠡᠮᠵᠢᠶ᠎ᠡ 61.7 ᠳ᠋ᠦᠩᠰᠢᠭᠤᠷ ᠺᠢᠯᠣᠸᠠᠲ ᠴᠠᠭ ᠲᠤ ᠬᠦᠷᠪᠡ
ᠨᠡᠶᠢᠲᠡᠯᠡᠭᠰᠡᠨ ᠴᠠᠭ᠄
2024/8/26
   ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ 7 ᠰᠠᠷ᠎ᠠ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 61.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1 % ᠪᠠᠷ ᠨᠡᠮᠡᠭᠳᠡᠪᠡ᠃ 7 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 409.8 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.0% ᠨᠡᠮᠡᠭᠳᠡᠪᠡ᠃    ᠡᠨᠡ ᠵᠢᠯ ᠤᠨ 7 ᠰᠠᠷ᠎ᠠ ᠳᠤ ᠳᠡᠭᠡᠭᠰᠢ ᠮᠡᠳᠡᠭᠦᠯᠦᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶᠡᠨ ᠤ ᠲᠤᠭ᠎ᠠ ᠪᠠᠷᠢᠮᠲᠠ ᠶᠢᠨ ᠵᠠᠳᠠᠯᠤᠯᠲᠠ ᠠᠴᠠ ᠦᠵᠡᠪᠡᠯ᠂ ᠮᠠᠨ ᠤ ᠬᠤᠲᠠ ᠶᠢᠨ ᠴᠠᠬᠢᠯᠭᠠᠨ ᠭᠠᠷᠭᠠᠬᠤ ᠠᠵᠢᠯ ᠲᠥᠷᠥᠯ ᠤᠨ ᠴᠠᠬᠢᠯᠭᠠᠨ ᠭᠠᠷᠭᠠᠭᠰᠠᠨ ᠪᠠᠶᠢᠳᠠᠯ ᠳᠣᠤᠷᠠᠬᠢ ᠮᠡᠲᠦ᠄    1. ᠲᠣᠰ ᠰᠠᠷ᠎ᠠ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 50.3 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.9% ᠨᠡᠮᠡᠭᠳᠡᠪᠡ᠃ 1 - 7 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 281.9 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠨ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 68.8% ᠶᠢ ᠡᠵᠡᠯᠡᠪᠡ᠃    2. ᠲᠣᠰ ᠰᠠᠷ᠎ᠠ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 9.5 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.7% ᠪᠠᠷ ᠪᠠᠭᠤᠷᠠᠪᠠ᠃ 1 - 7 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 116.4 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.0% ᠪᠠᠷ ᠨᠡᠮᠡᠭᠳᠡᠨ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 28.4% ᠶᠢ ᠡᠵᠡᠯᠡᠪᠡ᠃    3. ᠲᠣᠰ ᠰᠠᠷ᠎ᠠ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 1.8 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 26.8% ᠪᠠᠷ ᠨᠡᠮᠡᠭᠳᠡᠪᠡ᠃ 1 - 7 ᠰᠠᠷ᠎ᠠ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠷᠡᠨ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 11.5 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠵᠦ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 2.8% ᠶᠢ ᠡᠵᠡᠯᠡᠪᠡ᠃    
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2