ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/27
   8 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ︾ ᠶᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ︽ᠤᠯᠠᠭᠠᠨᠴᠠᠪ ᠬᠤᠲᠠ ᠶᠢᠨ ᠬᠤᠲᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠂ ︽ᠤᠯᠠᠭᠠᠨᠴᠠᠪ ᠬᠤᠲᠠ ᠶᠢᠨ ᠤᠰᠤᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠵᠡᠷᠭᠡ ᠶᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠪᠡᠯᠡ ᠲᠣᠬᠢᠷᠠᠭᠤᠯᠭ᠎ᠠ ᠶᠢᠨ ᠲᠠᠪᠴᠠᠩ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠥᠷᠢ ᠥᠭᠴᠡᠭᠡ ᠶᠢᠨ ᠠᠷᠭ᠎ᠠ ᠬᠡᠮᠵᠢᠶ᠎ᠡ ᠶᠢ ᠴᠢᠨᠠᠭᠰᠢᠳᠠ ᠵᠢᠷᠤᠮᠵᠢᠭᠤᠯᠵᠤ᠂ ᠦᠯᠡᠳᠡᠭᠡᠯ ᠥᠷᠢ ᠥᠭᠴᠡᠭᠡ ᠶᠢ ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠵᠦ᠂ ᠰᠢᠨ᠎ᠡ ᠪᠠᠷ ᠨᠡᠮᠡᠭᠳᠡᠬᠦ ᠥᠷᠢ ᠥᠭᠴᠡᠭᠡ ᠶᠢ ᠡᠷᠡᠰ ᠬᠤᠷᠢᠭᠯᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ︽ᠭᠠᠮᠨᠠᠵᠤ ᠠᠮᠢᠳᠤᠷᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ ᠶᠢ ᠠᠰᠢᠭᠯᠠᠬᠤ ᠠᠷᠭ᠎ᠠ ᠵᠠᠮ ᠢ ᠥᠷᠭᠡᠳᠬᠡᠵᠦ᠂ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠰᠢᠰᠲ᠋ᠧᠮ ᠢ ᠪᠦᠷᠢᠨᠰᠢᠬᠦᠯᠵᠦ᠂ ᠬᠤᠳᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠠᠯᠤᠰ ᠬᠡᠳᠤ ᠶᠢᠨ ᠬᠥᠭᠵᠢᠯᠲᠡ ᠪᠣᠯᠤᠨ ᠪᠦᠬᠦ ᠲᠠᠯ᠎ᠠ ᠶᠢᠨ ᠠᠮᠤᠷ ᠲᠦᠪᠰᠢᠨ ᠳᠤ ᠬᠤᠯᠪᠣᠭᠳᠠᠬᠤ ᠨᠢᠭᠡ ᠪᠦᠯᠦᠭ ᠤᠰᠤᠨ ᠠᠰᠢᠭᠯᠠᠯᠲᠠ ᠶᠢᠨ ᠴᠢᠬᠤᠯᠠ ᠶᠡᠭᠡ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                               ᠣᠷᠴᠢᠭᠤᠯᠤᠭᠴᠢ᠄ ᠭᠤᠸ᠎ᠠ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2