| | ᠤᠯᠠᠭᠠᠨᠴᠠᠪ ᠬᠤᠲᠠ ᠶᠢᠨ ᠡᠬᠢ ᠰᠤᠷᠪᠤᠯᠵᠢ ᠳᠤᠤᠷ ᠳᠠᠭᠠᠭᠠᠴᠠ ᠨᠦᠬᠡᠴᠡ ᠬᠠᠮᠲᠤᠷᠠᠯᠴᠠᠭᠰᠠᠨ ᠪᠣᠬᠢᠷᠲᠤᠯ | ᠥᠬᠡᠶ ᠲᠣᠮᠣ ᠳ᠋ᠠᠶᠢᠲ᠋ᠠ ᠶᠢᠨ ᠲᠥᠪ ᠤᠨ ᠵᠢᠱᠢᠶ᠎ᠡ ᠦᠵᠡᠭᠦᠯᠬᠦ ᠲᠥᠷᠥᠯ ᠵᠦᠢᠯ ᠪᠣᠯ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠳᠤ ᠪᠠᠶᠢᠭ᠎ᠠ 100 ᠰᠠᠶ᠎ᠠ ᠸᠠᠲ ᠤᠨ ᠲᠠᠷᠬᠠᠢ ᠬᠡᠯᠪᠡᠷᠢ ᠶᠢᠨ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ ᠪᠣᠯᠤᠨ᠎ᠠ᠂ ᠲᠣᠰ ᠲᠥᠷᠥᠯ ᠵᠦᠢᠯ ᠨᠢ ᠴᠠᠬᠢᠯᠭᠠᠨ ᠲᠣᠤᠷ ᠤᠨ ᠣᠯᠠᠨ ᠤᠳᠠᠭᠠᠨ ᠤ | ᠳᠠᠷᠤᠯᠲᠠ ᠶᠢᠨ ᠳᠡᠭᠡᠭᠰᠢᠯᠡᠵᠤ ᠳᠤᠷᠤᠭᠰᠢᠯᠠᠬᠤ ᠪᠠ ᠬᠤᠯᠠ ᠵᠠᠶ ᠶᠢᠨ ᠴᠠᠬᠢᠯᠭᠠᠨ ᠡᠨᠧᠷᠭᠢ ᠶᠢᠨ ᠬᠤᠬᠢᠷᠠᠯ ᠢ | ᠪᠠᠭᠤᠷᠠᠭᠤᠯᠵᠤ᠂ ᠮᠠᠨ ᠤ ᠬᠤᠲᠠ ᠶᠢᠨ ᠳ᠋ᠠᠶᠢᠲ᠋ᠠ ᠶᠢᠨ ᠲᠥᠪ ᠤᠨ ᠪᠣᠬᠢᠷᠲᠤᠯ ᠥᠬᠡᠶ ᠴᠠᠬᠢᠯᠭᠠᠨ ᠬᠡᠷᠡᠭᠯᠡᠬᠦ | ᠬᠡᠷᠡᠭᠴᠡᠭᠡ ᠶᠢ ᠬᠠᠩᠭᠠᠵᠤ᠂ ᠲᠥᠷᠥᠯ ᠵᠦᠢᠯ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠵᠢᠩᠬᠢᠨᠢ ᠪᠠᠷ ᠪᠠᠶᠢᠭᠤᠯᠵᠤ | ᠳᠠᠭᠤᠰᠬᠠᠨ᠎ᠠ᠃ ᠲᠣᠤᠷ ᠲᠤ ᠨᠡᠶᠢᠯᠡᠭᠦᠯᠦᠭᠰᠡᠨ ᠤ ᠳᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ 3. | 2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ 9.75 ᠲᠦᠮᠡᠨ ᠲᠣᠨ | ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ 26.62 ᠲᠦᠮᠡᠨ ᠲᠣᠨ ᠪᠠᠭᠠᠰᠬᠠᠬᠤ ᠶᠢᠨ ᠬᠠᠮᠲᠤ | ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠣᠷᠣᠯᠴᠠᠬᠤ᠂ ᠡᠬᠢ ᠰᠤᠷᠪᠤᠯᠵᠢ ᠳᠤᠤᠷ ᠳᠠᠭᠠᠭᠠᠴᠠ | ᠨᠦᠬᠡᠴᠡ ᠶᠢᠨ ᠪᠣᠬᠢᠷᠲᠤᠯ ᠥᠬᠡᠶ ᠲᠣᠮᠣ ᠳ᠋ᠠᠶᠢᠲ᠋ᠠ ᠶᠢᠨ ᠲᠥᠪ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ | ᠪᠠᠶᠢᠭᠤᠯᠬᠤ ᠵᠡᠷᠭᠡ ᠪᠦᠲᠦᠮᠵᠢᠲᠡᠶ ᠠᠷᠭ᠎ᠠ ᠪᠠᠷᠢᠯ ᠢᠶᠠᠷ ᠳᠠᠮᠵᠢᠭᠤᠯᠤᠨ᠂ ᠳ᠋ᠠᠶᠢᠲ᠋ᠠ ᠶᠢᠨ ᠲᠥᠪ ᠤᠨ ᠪᠣᠬᠢᠷᠲᠤᠯ ᠥᠬᠡᠶ | ᠴᠠᠬᠢᠯᠭᠠᠨ ᠤ ᠡᠵᠡᠯᠡᠬᠦ ᠬᠠᠷᠢᠴᠠᠯ ᠢ 67% ᠳᠤ ᠬᠦᠷᠦᠭᠦᠯᠬᠦ ᠶᠢ ᠠᠬᠢᠭᠤᠯᠤᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |