ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ​ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/8/27
       ᠤᠯᠠᠭᠠᠨᠴᠠᠪ ᠵᠠᠰᠠᠭ ᠲᠠᠷᠬᠠᠭᠠᠭᠰᠠᠨ ﹇2020﹈ 19 ᠳ᠋ᠦ᠋ᠭᠡᠷ ᠲᠣᠭᠠᠲᠤ        ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄    ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ︵2023 - 2025 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 52 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠤᠯ ᠱᠤᠭᠤᠮ ᠢ ᠪᠠᠲᠤ ᠡᠵᠡᠮᠳᠡᠵᠦ᠂ ᠪᠠᠷᠢᠯᠭ᠎ᠠ ᠶᠢᠨ ᠦᠢᠯᠡᠰ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠲᠡᠳᠬᠦᠨ ᠢᠯᠡᠭᠦᠬᠡᠨ ᠬᠥᠭᠵᠢᠭᠦᠯᠵᠦ᠂ ᠮᠠᠨ ᠤ ᠬᠤᠲᠠ ᠶᠢᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠦᠢᠯᠡᠳᠭᠦᠨ ᠤ ᠥᠷᠲᠡᠭ ᠤᠨ ᠬᠡᠪᠴᠢᠶ᠎ᠡ ᠶᠢᠨ ᠡᠵᠡᠯᠡᠬᠦ ᠬᠠᠷᠢᠴᠠᠯ ᠪᠠ ᠭᠠᠶᠢᠯᠢ ᠲᠠᠲᠠᠪᠤᠷᠢ ᠶᠢ ᠲᠠᠰᠤᠷᠠᠯᠲᠠ ᠥᠬᠡᠶ ᠥᠷᠭᠡᠳᠬᠡᠵᠦ᠂ ᠮᠠᠨ ᠤ ᠬᠤᠲᠠ ᠶᠢᠨ ᠪᠠᠷᠢᠯᠭ᠎ᠠ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠬᠢᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠣᠷᠣᠨ ᠳᠡᠪᠰᠢᠵᠦ ᠲᠠᠰ ᠳᠡᠪᠰᠢᠭᠦᠯᠬᠦ ᠶᠢ ᠠᠬᠢᠭᠤᠯᠵᠤ᠂ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ᠂ ᠭᠠᠶᠢᠯᠢ ᠲᠠᠲᠠᠪᠤᠷᠢ ᠶᠢ ᠲᠣᠭᠲᠠᠭᠤᠨ ᠢᠶᠠᠷ ᠨᠡᠮᠡᠭᠳᠡᠭᠦᠯᠬᠦ ᠶᠢᠨ ᠲᠦᠯᠦᠬᠡ᠂ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃    ᠨᠢᠭᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ    ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ ᠵᠡᠷᠭᠡ ᠰᠠᠯᠠᠭ᠎ᠠ ᠮᠥᠴᠢᠷ ᠤᠳ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠰᠣᠯᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠠᠪᠴᠠᠩ ᠢᠶᠠᠷ ᠨᠢᠭᠡᠳᠦᠯᠲᠡᠶ ᠮᠡᠳᠡᠭᠦᠯᠬᠦ ᠡᠭᠦᠳᠡ ᠪᠣᠯᠭᠠᠵᠤ᠂ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠲᠣᠭᠠᠴᠢᠯᠠᠭᠰᠠᠨ ᠬᠢᠨᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠲᠠᠪᠴᠠᠩ ᠪᠣᠯᠤᠨ ᠪᠠᠷᠢᠯᠭ᠎ᠠ ᠶᠢᠨ ᠵᠢᠷᠤᠭ ᠢ ᠡᠯᠧᠺᠲᠷᠤᠨ ᠢᠶᠠᠷ ᠬᠢᠨᠠᠨ ᠪᠠᠶᠢᠴᠠᠭᠠᠬᠤ ᠲᠠᠪᠴᠠᠩ ᠤᠨ ᠬᠤᠯᠪᠣᠯᠳᠤᠨ ᠨᠡᠪᠲᠡᠷᠡᠯᠴᠡᠬᠦ᠂ ᠪᠠᠷᠢᠯᠭ᠎ᠠ ᠶᠢᠨ ᠵᠢᠷᠤᠭ ᠢ ᠲᠣᠭᠠᠴᠢᠯᠠᠨ ᠮᠡᠳᠡᠭᠦᠯᠦᠨ ᠬᠦᠷᠭᠡᠬᠦ᠂ ᠬᠢᠨᠠᠨ ᠪᠠᠶᠢᠴᠠᠭᠠᠬᠤ ᠪᠠ ᠬᠢᠨᠠᠯᠲᠠ ᠲᠠᠯᠪᠢᠬᠤ ᠶᠢ ᠠᠬᠢᠭᠤᠯᠵᠤ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠴᠠᠭᠠᠰᠤ ᠦᠭᠡᠢ ᠪᠠᠷ ᠮᠡᠳᠡᠭᠦᠯᠬᠦ᠂ ᠡᠯᠧᠺᠲᠷᠤᠨ ᠢᠶᠠᠷ ᠭᠠᠷ ᠤᠨ ᠦᠰᠦᠭ ᠵᠢᠷᠤᠵᠤ ᠲᠠᠮᠠᠭ᠎ᠠ ᠳᠠᠷᠤᠬᠤ ᠵᠢᠴᠢ ᠲᠣᠭᠠᠴᠢᠯᠠᠨ ᠲᠤᠰᠢᠶᠠᠬᠤ᠂ ᠬᠡᠷᠡᠭᠯᠡᠬᠦ ᠪᠠ ᠲᠠᠩᠰᠠ ᠡᠪᠬᠡᠮᠡᠯ ᠳᠤ ᠣᠷᠣᠭᠤᠯᠬᠤ ᠶᠢ ᠪᠡᠶᠡᠯᠡᠭᠦᠯᠵᠦ᠂ ᠬᠢᠨᠠᠨ ᠪᠠᠶᠢᠴᠠᠭᠠᠬᠤ ᠦᠷ᠎ᠡ ᠪᠦᠲᠦᠮᠵᠢ ᠪᠣᠯᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃    ᠬᠤᠶᠠᠷ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ    ᠳᠠᠭᠠᠭᠠᠴᠢᠯᠠᠯᠲᠠ ᠵᠠᠷᠯᠠᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠠᠭᠠᠭᠠᠴᠢᠯᠠᠯᠲᠠ ᠵᠠᠷᠯᠠᠭᠴᠢ ᠶᠢᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢ ᠰᠣᠩᠭᠤᠬᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠲᠥᠯᠥᠭᠡᠯᠡᠭᠴᠢ ᠲᠣᠮᠢᠯᠠᠨ ᠳᠠᠭᠠᠭᠠᠴᠢᠯᠠᠯᠲᠠ ᠰᠢᠯᠭᠠᠷᠠᠭᠤᠯᠬᠤ ᠳᠤ ᠣᠷᠣᠯᠴᠠᠭᠤᠯᠬᠤ ᠪᠠ ᠳᠠᠭᠠᠭᠠᠴᠢᠯᠠᠯᠲᠠ ᠦᠨᠡᠯᠡᠬᠦ ᠺᠣᠮᠢᠰ ᠢ ᠵᠣᠬᠢᠶᠠᠨ ᠪᠠᠶᠢᠭᠤᠯᠬᠤ᠂ ᠳᠠᠭᠠᠭᠠᠴᠢᠯᠠᠯᠲᠠ ᠣᠯᠤᠭᠴᠢ ᠶᠢ ᠲᠣᠭᠲᠠᠭᠠᠬᠤ ᠵᠡᠷᠭᠡ ᠵᠠᠩᠭᠢᠯᠠᠭ᠎ᠠ ᠶᠢᠨ ᠡᠵᠡᠨ ᠮᠡᠳᠡᠬᠦ ᠡᠷᠬᠡ ᠶᠢ ᠬᠠᠤᠯᠢ ᠶᠣᠰᠣᠭᠠᠷ ᠪᠠᠲᠤᠯᠠᠬᠤ ᠬᠡᠷᠡᠭᠲᠡᠶ᠃ ᠦᠨ᠎ᠡ ᠬᠠᠩᠰᠢ ᠪᠠᠷ ᠰᠢᠢᠳᠪᠦᠷᠢ ᠡᠯᠧᠮᠧᠨ᠋ᠲ ᠪᠤᠯᠭᠠᠭᠰᠠᠨ ᠳᠠᠭᠠᠭᠠᠴᠢᠯᠠᠯᠲᠠ ᠵᠠᠷᠯᠠᠬᠤ ᠵᠠᠭᠪᠤᠷ ᠢ ᠥᠭᠡᠷᠡᠴᠢᠯᠡᠵᠦ᠂ ᠮᠡᠷᠭᠡᠵᠢᠯ᠂ ᠶᠠᠰᠤ ᠴᠢᠨᠠᠷ᠂ ᠠᠶᠤᠯ ᠦᠭᠡᠶ᠂ ᠦᠨ᠎ᠡ ᠬᠠᠩᠰᠢ᠂ ᠢᠲᠡᠭᠡᠮᠵᠢ ᠵᠡᠷᠭᠡ ᠣᠯᠠᠨ ᠵᠦᠢᠯ ᠤᠨ ᠡᠯᠧᠮᠧᠨ᠋ᠲ ᠤᠨ ᠶᠡᠷᠦᠩᠬᠡᠶᠢᠯᠡᠭᠰᠡᠨ ᠦᠨᠡᠯᠡᠯᠲᠡ ᠶᠢ ᠬᠡᠷᠡᠭᠵᠢᠭᠦᠯᠵᠦ᠂  ᠵᠤᠷᠢᠭᠤᠳᠠ ᠳᠣᠤᠷ᠎ᠠ ᠦᠨ᠎ᠡ ᠪᠠᠷ ᠳᠠᠭᠠᠭᠠᠴᠢᠯᠠᠯᠲᠠ ᠣᠯᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃    ᠭᠤᠷᠪᠠ᠂ ᠪᠠᠷᠢᠯᠭ᠎ᠠ ᠶᠢᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ    ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠤᠯᠤᠰ ᠤᠨ ᠥᠮᠴᠢᠯᠡᠯᠲᠦ ᠬᠢᠷᠢ ᠬᠡᠮ ᠲᠠᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠤᠯᠢᠯᠳᠤᠭᠤᠯᠤᠨ ᠥᠭᠡᠷᠡᠴᠢᠯᠡᠬᠦ᠂ ᠨᠡᠶᠢᠯᠡᠭᠦᠯᠬᠦ᠂ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠠᠬᠢᠯᠭᠠᠨ ᠬᠦᠴᠦᠨ ᠵᠡᠷᠭᠡ ᠭᠤᠤᠯᠳᠠᠯᠭ᠎ᠠ ᠲᠠᠢ ᠪᠠᠯᠠ ᠣᠷᠣᠭᠤᠯᠤᠯᠲᠠ ᠶᠢᠨ ᠬᠦᠷᠢᠶᠡᠨ ᠳᠤ ᠣᠷᠣᠬᠤ ᠶᠢ ᠳᠡᠮᠵᠢᠵᠦ᠂ ︽ᠪᠠᠯᠠ ᠣᠷᠣᠭᠤᠯᠬᠤ᠂ ᠪᠥᠲᠥᠭᠡᠨ ᠪᠠᠶᠢᠭᠤᠯᠬᠤ᠂ ᠬᠠᠮᠢᠶᠠᠷᠬᠤ᠂ ᠡᠵᠡᠩᠨᠡᠬᠦ︾ ᠠᠵᠤ ᠠᠬᠤᠶᠢᠯᠠᠯ ᠪᠣᠯᠭᠠᠨ ᠬᠥᠭᠵᠢᠭᠦᠯᠬᠦ ᠶᠢ ᠳᠡᠮᠵᠢᠬᠦ ᠬᠡᠷᠡᠭᠲᠡᠶ᠃ ᠪᠣᠯᠣᠳ ᠪᠦᠲᠦᠴᠡ᠂ ᠪᠠᠷᠢᠯᠭ᠎ᠠ ᠶᠢᠨ ᠳᠡᠯᠭᠡᠴᠡ ᠶᠢᠨ ᠬᠡᠷᠡᠮ᠂ ᠲᠣᠨᠤᠭ ᠲᠥᠬᠦᠭᠡᠷᠦᠮᠵᠢ ᠤᠭᠰᠠᠷᠠᠬᠤ ᠵᠡᠷᠭᠡ ᠲᠤᠰᠬᠠᠶ ᠳᠠᠭᠠᠭᠠᠴᠢᠯᠠᠯᠲᠠ ᠶᠢᠨ ᠠᠵᠤ ᠠᠬᠤᠶᠢᠯᠠᠯ ᠤᠳ ᠲᠤᠰᠬᠠᠶ᠂ ᠨᠠᠷᠢᠯᠢᠭᠵᠢᠭᠰᠠᠨ᠂ ᠣᠨᠴᠠ᠂ ᠰᠢᠨ᠎ᠡ ᠴᠢᠭᠯᠡᠯ ᠢᠶᠠᠷ ᠬᠥᠭᠵᠢᠬᠦ ᠶᠢ ᠳᠡᠮᠵᠢᠨ᠎ᠡ᠃    ᠳᠥᠷᠪᠡ᠂ ᠳᠤᠮᠳᠠ ᠵᠢᠵᠢᠭ ᠪᠢᠴᠢᠯ ᠪᠠ ᠠᠷᠠᠳ ᠠᠴᠠ ᠡᠵᠡᠩᠨᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ    ᠭᠡᠷ ᠪᠠᠶᠢᠰᠢᠩ ᠪᠠᠶᠢᠭᠤᠯᠬᠤ᠂ ᠬᠤᠲᠠ ᠶᠢᠨ ᠶᠠᠪᠤᠳᠠᠯ ᠤᠨ ᠬᠦᠷᠢᠶᠡᠨ ᠳᠠᠬᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠯᠦᠭᠵᠢᠭᠦᠯᠦᠨ ᠬᠥᠭᠵᠢᠭᠦᠯᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠢᠮᠡᠭᠡ ᠬᠤᠯᠪᠣᠭ᠎ᠠ ᠵᠡᠷᠭᠡ ᠬᠦᠷᠢᠶᠡᠨ ᠳᠠᠬᠢ ᠠᠵᠤ ᠠᠬᠤᠶᠢᠯᠠᠯ ᠯᠤᠭ᠎ᠠ ︽ᠬᠦᠴᠦᠷᠬᠡᠭ ᠪᠠ ᠬᠦᠴᠦᠷᠬᠡᠭ ᠬᠠᠷᠢᠯᠴᠠᠨ ᠬᠤᠯᠪᠣᠭᠠᠯᠠᠬᠤ︾ ᠶᠢ ᠪᠡᠶᠡᠯᠡᠭᠦᠯᠦᠨ᠎ᠡ᠃ ᠲᠣᠰ ᠭᠠᠵᠠᠷ ᠤᠨ ᠠᠵᠤ ᠠᠬᠤᠶᠢᠯᠠᠯ ᠤᠨ ᠭᠠᠳᠠᠷ ᠣᠷᠣᠨ ᠤ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ︽ᠭᠠᠳᠠᠭᠰᠢ ᠭᠠᠷᠬᠤ︾ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠬᠠᠮᠢᠶ᠎ᠠ ᠪᠦᠬᠦᠢ ᠱᠠᠩᠨᠠᠬᠤ ᠠᠷᠭ᠎ᠠ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃    ᠲᠠᠪᠤ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ︽ᠣᠷᠣᠭᠤᠯᠤᠨ ᠠᠪᠴᠢᠷᠠᠬᠤ︾ ᠶᠢ ᠲᠦᠯᠬᠢᠨ ᠠᠬᠢᠭᠤᠯᠤᠨ᠎ᠠ       ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠴᠢᠩᠭ᠎ᠠ᠂ ᠲᠥᠷᠥᠯ ᠲᠡᠮᠳᠡᠭᠲᠦ ᠶᠢᠨ ᠠᠯᠳᠠᠷᠰᠢᠯ ᠢᠶᠠᠷ ᠥᠨᠳᠥᠷ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠶᠡᠷᠦᠩᠬᠡᠶ ᠬᠡᠯᠲᠡᠰ᠂ ᠣᠷᠣᠨ ᠪᠦᠰᠡ ᠶᠢᠨ ᠶᠡᠷᠦᠩᠬᠡᠶ ᠬᠡᠯᠲᠡᠰ ᠪᠤᠶᠤ ᠰᠠᠯᠪᠤᠷᠢ ᠪᠠᠶᠢᠭᠤᠯᠤᠮᠵᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠤᠯᠠᠭᠠᠨᠴᠠᠪ ᠬᠤᠲᠠ ᠳᠤ ᠰᠠᠭᠤᠷᠢᠰᠢᠭᠤᠯᠤᠨ᠎ᠡ᠃ ᠣᠷᠣᠨ ᠤ ᠭᠠᠳᠠᠨᠠᠬᠢ ᠶᠡᠷᠦᠩᠬᠡᠶᠢᠯᠡᠭᠰᠡᠨ ︵ᠣᠨᠴᠠ ᠳᠡᠰ︶ ᠬᠢᠷᠢ ᠭᠡᠮ ᠲᠠᠢ ᠪᠤᠶᠤ ᠪᠠᠷᠢᠯᠭ᠎ᠠ ᠶᠢᠨ ᠠᠵᠢᠯ ᠬᠢᠬᠦ ᠶᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠳᠦᠭᠡᠷ ᠲᠠᠰ ᠤᠨ ᠬᠢᠷᠢ ᠭᠡᠮ ᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠪᠠᠯ᠂ ᠪᠣᠳᠠᠲᠠᠶ ᠲᠠᠢ ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠩᠨᠠᠵᠤ ᠪᠣᠯᠤᠨ᠎ᠠ᠃    ᠵᠢᠷᠭᠤᠭ᠎ᠠ᠂ ᠪᠠᠷᠢᠯᠭ᠎ᠠ ᠶᠢᠨ ᠦᠢᠯᠡᠰ ᠤᠨ ᠴᠢᠳᠠᠪᠤᠷᠢᠲᠠᠨ ᠢ ᠬᠥᠮᠥᠵᠢᠭᠦᠯᠬᠦ ᠪᠠ ᠠᠵᠢᠯᠴᠢᠨ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠴᠢᠩᠭᠠᠳᠬᠠᠨ᠎ᠠ      ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠤᠯᠠᠭᠠᠨᠴᠠᠪ ᠬᠤᠲᠠ ᠶᠢᠨ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠤᠯᠪᠠᠰᠤᠷᠠᠭᠤᠯᠤᠯ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠣᠶᠤᠨᠴᠢ ᠬᠢᠨᠠᠨ ᠰᠢᠯᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠦᠷᠨᠢᠬᠦᠯᠬᠦ ᠶᠢ ᠢᠳᠡᠪᠬᠢᠳᠡᠢ ᠳᠡᠮᠵᠢᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠭᠠᠷᠴᠠᠭ ︵184 ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠠᠵᠢᠯ ᠲᠥᠷᠥᠯ︶ ᠲᠠᠢ ᠬᠠᠷᠢᠴᠠᠭᠤᠯᠵᠤ᠂ ᠪᠠᠷᠢᠯᠭ᠎ᠠ ᠶᠢᠨ ᠦᠢᠯᠡᠰ ᠤᠨ ᠬᠥᠯᠥᠰᠥᠨ ᠠᠵᠢᠯᠴᠢᠨ ᠤ ᠮᠡᠷᠭᠡᠵᠢᠯ ᠤᠨ ᠠᠵᠢᠯᠴᠢᠨ ᠲᠡᠰᠢ ᠬᠡᠯᠪᠡᠷᠢ ᠪᠠᠨ ᠬᠤᠪᠢᠷᠠᠭᠤᠯᠬᠤ ᠶᠢ ᠶᠡᠬᠡᠪᠡᠷ ᠠᠬᠢᠭᠤᠯᠵᠤ᠂ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠤᠯᠠᠮᠵᠢᠯᠠᠯᠲᠤ ᠪᠠᠷᠢᠯᠭ᠎ᠠ ᠶᠢᠨ ᠬᠦᠷᠢᠶᠡᠨ ᠳᠠᠬᠢ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠵᠦ᠂ ᠠᠵᠤ ᠠᠬᠤᠶᠢᠯᠠᠯ ᠤᠨ ᠪᠠᠷᠢᠯᠭ᠎ᠠ ᠶᠢᠨ ᠠᠵᠢᠯ ᠤᠨ ᠲᠥᠷᠥᠯ ᠵᠦᠢᠯ ᠤᠨ ᠤᠷ᠎ᠠ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ ᠪᠤᠶᠢᠵᠢᠭᠤᠯᠬᠤ ᠶᠢ ᠵᠣᠷᠢᠭᠵᠢᠭᠤᠯᠤᠨ᠎ᠠ᠃    ᠳᠣᠯᠤᠭ᠎ᠠ᠂ ᠪᠠᠷᠢᠯᠭ᠎ᠠ ᠶᠢᠨ ᠳᠠᠭᠠᠭᠠᠯᠲᠠ ᠪᠠ ᠳᠠᠭᠠᠳᠬᠠᠯ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠶ    ᠰᠢᠨ᠎ᠡ ᠪᠠᠷ ᠪᠠᠶᠢᠭᠤᠯᠬᠤ ᠪᠠ ᠪᠠᠶᠢᠭᠤᠯᠵᠤ ᠪᠠᠶᠢᠭ᠎ᠠ ᠪᠤᠶ ᠪᠦᠬᠦᠢ ᠲᠥᠷᠥᠯ ᠵᠦᠢᠯ ᠳᠤ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠳ ᠪᠠᠩᠬᠢ ᠶᠢᠨ ᠪᠠᠲᠤᠯᠠᠭ᠎ᠠ ᠶᠢᠨ ᠪᠢᠴᠢᠭ᠂ ᠳᠠᠭᠠᠳᠬᠠᠯ ᠤᠨ ᠪᠠᠲᠤᠯᠠᠭ᠎ᠠ ᠶᠢᠨ ᠪᠢᠴᠢᠭ᠂ ᠭᠤᠷᠪᠠᠳᠠᠬᠢ ᠡᠲᠡᠭᠡᠳ ᠤᠨ ᠪᠠᠲᠤᠯᠠᠨ ᠳᠠᠭᠠᠭᠠᠯᠲᠠ ᠪᠠᠷ ᠪᠠᠲᠤᠯᠠᠭ᠎ᠠ ᠶᠢᠨ ᠮᠥᠩᠭᠦ ᠶᠢ ᠣᠷᠣᠯᠠᠭᠤᠯᠬᠤ ᠶᠢ ᠳᠡᠯᠭᠡᠷᠡᠭᠦᠯᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠦᠷᠢᠶ᠎ᠡ ᠴᠠᠷᠠᠭ᠎ᠠ ᠳᠤ ᠦᠯᠡᠳᠡᠭᠡᠭᠰᠡᠨ ᠡᠯ᠎ᠡ ᠲᠥᠷᠥᠯ ᠤᠨ ᠪᠠᠲᠤᠯᠠᠭ᠎ᠠ ᠶᠢᠨ ᠮᠥᠩᠭᠦ ᠶᠢ ᠬᠦᠴᠦᠨ ᠲᠠᠢ ᠪᠠᠩᠬᠢ ᠶᠢᠨ ᠪᠠᠲᠤᠯᠠᠭ᠎ᠠ ᠶᠢᠨ ᠪᠢᠴᠢᠭ᠂ ᠳᠠᠭᠠᠳᠬᠠᠯ ᠤᠨ ᠪᠠᠲᠤᠯᠠᠭ᠎ᠠ ᠶᠢᠨ ᠪᠢᠴᠢᠭ᠂ ᠭᠤᠷᠪᠠᠳᠠᠬᠢ ᠡᠲᠡᠭᠡᠳ ᠤᠨ ᠪᠠᠳᠤᠯᠠᠭ᠎ᠠ ᠪᠠᠷ ᠪᠡᠯᠡᠨ ᠵᠣᠭᠤᠰ ᠢ ᠣᠷᠣᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠲᠤᠯᠠᠭ᠎ᠠ ᠶᠢᠨ ᠮᠥᠩᠭᠦ ᠶᠢᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠤᠷ᠎ᠠ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠪᠦᠲᠦᠭᠡᠨ ᠪᠠᠶᠢᠭᠤᠯᠬᠤ ᠨᠢᠭᠡᠴᠢ ᠠᠴᠠ ᠳᠡᠮᠵᠢᠯᠭᠡ ᠦᠵᠡᠭᠦᠯᠬᠦ ᠬᠡᠷᠡᠭᠲᠡᠶ᠃    ᠨᠠᠢᠮᠠ᠂ ᠮᠦᠩᠭᠦᠨ ᠭᠦᠢᠯᠭᠡᠭᠡᠨ ᠢᠶᠠᠷ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠶᠢ ᠠᠬᠢᠭᠤᠯᠬᠤ ᠬᠡᠷᠡᠭᠲᠡᠢ    ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠪᠠᠷᠢᠯᠭ᠎ᠠ ᠶᠢᠨ ᠦᠢᠯᠡᠰ ᠤᠨ ᠣᠨᠴᠠᠯᠢᠭ ᠲᠤ ᠳᠣᠭᠢᠷᠬᠠᠰᠠᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠢᠳᠡᠪᠬᠢᠲᠡᠶ ᠪᠠᠷ ᠨᠡᠭᠡᠭᠡᠨ ᠬᠥᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠪᠠᠷᠢᠯᠭ᠎ᠠ ᠪᠠᠷᠢᠬᠤ ᠭᠡᠷ᠎ᠡ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠬᠢᠭᠡᠳ ᠪᠤᠰᠤᠳ ᠬᠡᠷᠡᠭᠰᠡᠬᠦ ᠮᠠᠲ᠋ᠧᠷᠢᠶᠠᠯ ᠢᠶᠠᠷ ᠢᠶᠠᠨ ᠵᠢᠭᠡᠯᠡᠯᠭᠡ ᠭᠤᠶᠤᠴᠢᠯᠠᠬᠤ ᠪᠤᠶᠤ ᠪᠡᠯᠡ ᠲᠣᠬᠢᠷᠠᠭᠤᠯᠬᠤ ᠶᠢ ᠵᠤᠷᠢᠭᠵᠢᠭᠤᠯᠤᠨ᠎ᠡ᠃ ᠪᠠᠩᠬᠢ ᠶᠢᠨ ᠪᠠᠶᠢᠭᠤᠯᠤᠮᠵᠢ ᠨᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠵᠠᠬ᠎ᠠ ᠳᠡᠯᠭᠡᠭᠦᠷᠵᠢᠯᠲᠡ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ᠂ ᠪᠡᠯᠡ ᠪᠠᠨ ᠪᠤᠴᠠᠭᠠᠵᠤ ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠢᠲᠡᠭᠡᠮᠵᠢᠲᠦ ᠵᠢᠭᠡᠯᠡᠯᠭᠡ ᠨᠢ ᠰᠠᠶᠢᠨ᠂ ᠦᠷᠭᠦᠯᠵᠢᠯᠡᠨ ᠵᠢᠭᠡᠯᠡᠯᠭᠡ ᠲᠠᠯᠪᠢᠬᠤ ᠨᠥᠬᠦᠴᠡᠯ ᠳᠤ ᠨᠡᠶᠢᠴᠡᠬᠦ ᠪᠠᠷᠢᠯᠭ᠎ᠠ ᠶᠢᠨ ᠦᠢᠯᠡᠰ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠦᠷᠭᠦᠯᠵᠢᠯᠡᠨ ᠵᠢᠭᠡᠯᠡᠯᠭᠡ ᠲᠠᠯᠪᠢᠬᠤ ᠳᠡᠮᠵᠢᠯᠭᠡ ᠣᠯᠭᠤᠬᠤ ᠬᠡᠷᠡᠭᠲᠡᠶ᠃    ᠶᠢᠰᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ    ᠣᠠᠠᠰᠠᠷᠡᠮᠡᠯ ᠮᠠᠶ᠋ᠢᠭ ᠤᠨ ᠪᠠᠷᠢᠯᠭ᠎ᠠ᠂ ᠪᠤᠬᠢᠷᠳᠦᠯ ᠦᠭᠡᠢ ᠪᠠᠷᠢᠯᠭ᠎ᠠ᠂ ᠬᠦᠳᠡᠯᠥᠩᠬᠦᠢ ᠮᠠᠶ᠋ᠢᠭ ᠤᠨ ᠭᠡᠳᠦ ᠲᠣᠣᠷ᠎ᠠ ᠡᠨᠧᠷᠬᠢ ᠶᠢᠨ ᠬᠤᠷᠣᠠᠠᠳᠠᠭᠤᠯᠬᠤ ᠪᠠᠷᠢᠯᠭ᠎ᠠ ᠶᠢ ᠶᠡᠭᠡᠪᠡᠷ ᠬᠦᠭᠵᠢᠬᠦᠯᠥᠨ᠎ᠠ᠃ ᠹᠧᠲ᠋ᠣᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠬᠡᠪᠡᠷ ᠳᠡᠯᠭᠡᠷᠡᠭᠦᠯᠬᠦ ᠬᠡᠷᠡᠭᠲᠡᠶ᠃ ᠠᠳᠡᠯᠢ ᠪᠤᠰᠣ ᠪᠡᠷᠢᠯᠭ᠎ᠠ ᠶᠢᠨ ᠳᠥᠷᠦᠯ ᠭᠡᠯᠪᠡᠷᠢ ᠳᠤ ᠲᠣᠬᠢᠷᠠᠬᠤ ᠣᠠᠠᠰᠠᠷᠡᠮᠡᠯ ᠮᠠᠶ᠋ᠢᠭ ᠤᠨ ᠹᠧᠲ᠋ᠣᠨ ᠤ ᠪᠡᠷᠢᠯᠭ᠎ᠠ ᠶᠢᠨ ᠪᠦᠳᠦᠴᠠ ᠶᠢᠨ ᠰᠢᠰᠲ᠋ᠧᠮᠵᠢ ᠶᠢ ᠳᠡᠬᠦᠯᠳᠡᠷᠵᠢᠬᠦᠯᠥᠨ᠎ᠠ᠃    ᠠᠷᠪᠠ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠪᠠ ᠣᠶᠤᠨᠴᠢ ᠪᠠᠶᠢᠭᠤᠯᠤᠯᠲᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ    ᠲᠣᠭᠠᠴᠢᠯᠠᠭᠰᠠᠨ ᠬᠥᠭᠵᠢᠯᠲᠡ ᠪᠠᠷ ᠤᠳᠤᠷᠢᠳᠤᠮᠵᠢ ᠪᠤᠯᠭᠠᠨ᠎ᠠ᠃ BIM᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠣᠶᠤᠨᠴᠢ ᠪᠦᠲᠦᠭᠡᠨ ᠪᠠᠶᠢᠭᠤᠯᠤᠯᠲᠠ ᠵᠡᠷᠭᠡ ᠲᠣᠭᠠᠴᠢᠯᠠᠭᠰᠠᠨ ᠮᠡᠷᠭᠡᠵᠢᠯ ᠢ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠳᠤᠭᠠᠴᠢᠯᠠᠯᠳᠠ ᠶᠢᠨ ᠠᠷᠭ᠎ᠠ ᠪᠠᠷᠢᠯ ᠢᠶᠠᠷ ᠳᠠᠮᠵᠢᠨ ᠪᠦᠲᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠢ ᠬᠢᠨᠠᠨ ᠬᠡᠮᠵᠢᠬᠦ᠂ ᠬᠢᠵᠠᠭᠠᠷᠯᠠᠬᠤ᠂ ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠢ᠃ BIM ᠮᠡᠷᠭᠡᠵᠢᠯ ᠢ ᠬᠡᠷᠡᠭᠯᠡᠬᠦ ᠶᠢ ᠲᠦᠷᠭᠡᠳᠬᠡᠵᠦ᠂ BIM ᠮᠡᠳᠡᠭᠦᠯᠦᠨ ᠪᠠᠶᠢᠭᠤᠯᠬᠤ ᠶᠢ ᠬᠢᠨᠠᠨ ᠵᠥᠪᠰᠢᠶᠡᠷᠡᠬᠦ ᠪᠠᠷᠢᠮᠵᠢᠶ᠎ᠠ ᠪᠠ ᠪᠠᠷᠢᠯᠭ᠎ᠠ ᠶᠢᠨ ᠵᠢᠷᠤᠭ BIM ᠬᠢᠨᠠᠨ ᠲᠣᠭᠲᠠᠭᠠᠬᠤ ᠵᠠᠭᠪᠤᠷ ᠢ ᠰᠦᠪᠡᠭᠴᠢᠯᠡᠨ ᠲᠣᠭᠲᠠᠭᠠᠨ᠎ᠠ᠃    ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠯ ᠵᠣᠷᠢᠭ ᠢ ᠬᠥᠪᠴᠢᠯᠡᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠢᠳᠡᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠰᠣᠩᠭᠤᠵᠤ᠂ ᠪᠠᠷᠢᠯᠭ᠎ᠠ ᠶᠢᠨ ᠦᠢᠯᠡᠰ ᠤᠨ ᠲᠣᠭᠲᠠᠭᠤᠨ ᠢᠶᠠᠷ ᠨᠡᠮᠡᠭᠳᠡᠭᠰᠡᠨ ᠨᠡᠶᠢᠲᠡᠯᠢᠭ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠬᠦ ᠶᠢᠨ ᠬᠠᠮᠲᠤ ᠳᠡᠯᠭᠡᠷᠡᠭᠦᠯᠬᠦ ᠬᠡᠷᠡᠭᠲᠡᠢ᠃ ᠲᠣᠰ ᠮᠡᠳᠡᠭᠳᠡᠯ ᠤᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢᠨ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠬᠡᠷᠪᠡ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠳᠤ ᠰᠢᠨ᠎ᠡ ᠲᠣᠭᠲᠠᠭᠠᠯ ᠲᠠᠢ ᠪᠠᠶᠢᠪᠠᠯ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠣᠰᠣᠭᠠᠷ ᠬᠡᠷᠡᠭᠵᠢᠭᠦᠯᠦᠨ᠎ᠡ᠃                           2024 ᠣᠨ ᠤ 5 ᠰᠠᠷ᠎ᠠ ᠶᠢᠨ 18 ᠤ ᠡᠳᠦᠷ                           ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2