ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/28
   8 ᠰᠠᠷ᠎ᠠ ᠶᠢᠨ 23 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠶᠠᠪᠤᠭᠳᠠᠪᠠ᠃    ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠰᠢᠶᠤᠤ ᠵᠢᠶᠦ᠋ᠨ ᠲᠤᠰ ᠤᠳᠠᠭ᠎ᠠ ᠶᠢᠨ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ︔ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠶ᠎ᠠ︔ ᠪᠦᠬᠦᠳᠡ ᠬᠤᠷᠠᠯ ᠤᠨ ︽ᠲᠣᠭᠲᠠᠭᠠᠯ︾  ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠠᠢ᠃ ᠭᠤᠣᠯ ᠰᠡᠳᠦᠪ ᠨᠢ ᠢᠯᠡ ᠲᠣᠳᠣ ᠢᠯᠡᠳᠬᠡᠯ᠂ ᠣᠶᠢᠯᠠᠭᠠᠮᠵᠢᠲᠠᠶ ᠦᠭᠡ ᠬᠡᠯᠡ᠂ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠬᠤᠷᠠᠯ ᠳᠤ ᠣᠷᠣᠯᠴᠠᠭᠰᠠᠳ ᠤᠨ ᠬᠤᠶᠢᠰᠢᠳᠠ ᠶᠢᠨ ᠠᠵᠢᠯ ᠳᠤ ᠴᠢᠭᠯᠡᠯ ᠢ ᠲᠣᠳᠣᠷᠬᠠᠶ ᠵᠢᠭᠠᠨ ᠥᠭᠴᠦ᠂ ᠬᠥᠳᠡᠯᠭᠡᠬᠦ ᠬᠦᠴᠦᠨ ᠨᠡᠮᠡᠷᠢᠯᠡᠪᠡ᠃    ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠶᠡᠬᠡᠳᠡ ᠵᠣᠷᠢᠭᠵᠢᠪᠠ᠃ ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃                                     ᠣᠷᠴᠢᠭᠤᠯᠤᠭᠴᠢ᠄ ᠭᠤᠸ᠎ᠠ                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2