︽ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/28
ᠨᠢᠭᠡ᠂ ᠲᠤᠭᠤᠷᠪᠢᠭᠰᠠᠨ ᠠᠬᠤᠶ ᠪᠠᠶᠢᠳᠠᠯ ᠵᠢᠴᠢ ᠶᠠᠪᠤᠴᠠ    ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠠᠬᠢᠵᠢᠬᠤ ᠪᠠ ᠮᠡᠳᠡᠭᠡ ᠵᠠᠩᠭᠢ ᠶᠢᠨ ᠮᠡᠷᠭᠡᠵᠢᠯ ᠤᠨ ᠥᠷᠭᠡᠨ ᠳᠡᠯᠭᠡᠷ ᠬᠡᠷᠡᠭᠯᠡᠯᠲᠡ ᠶᠢ ᠳᠠᠭᠠᠯᠳᠤᠨ᠂ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠳᠤ ᠨᠡᠩ ᠦᠨᠳᠦᠷ ᠱᠠᠭᠠᠷᠳᠠᠯᠭ᠎ᠠ ᠳᠤᠷᠠᠳᠴᠤ᠂ ︽ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠭᠠᠶᠢᠯᠢ ᠶᠢᠨ ᠪᠤᠰᠤ ︹2006︺ 429 ᠳ᠋ᠦ᠋ᠭᠡᠷ ᠲᠣᠭᠠᠲᠤ︶ ᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠤᠤᠯ ᠤᠨ ︽ᠤᠯᠠᠭᠠᠨᠴᠠᠪ ᠵᠠᠰᠠᠭ ᠲᠠᠷᠬᠠᠭᠠᠭᠰᠠᠨ︹2013︺231 ᠳ᠋ᠤᠭᠠᠷ ᠲᠣᠭᠠᠲᠤ︾ ᠪᠢᠴᠢᠭ ᠮᠠᠲ᠋ᠧᠷᠢᠶᠠᠯ ᠤᠨ ︽ᠬᠤᠲᠠ ᠶᠢᠨ ᠲᠤᠰ ᠱᠠᠲᠤ ᠪᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠲᠤᠬᠠᠶ ᠶᠢᠨ ᠵᠢᠯ ᠤᠨ ᠬᠥᠮᠥᠷᠭᠡ ᠳᠤ ᠣᠷᠣᠭᠤᠯᠤᠭᠰᠠᠨ ᠭᠠᠶᠢᠯᠢ ᠶᠢᠨ ᠪᠤᠰᠤ ᠣᠷᠣᠯᠭ᠎ᠠ ᠶᠢᠨ ᠳᠣᠲᠣᠷ᠎ᠠ ᠠᠴᠠ   ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠡᠯᠡ ᠮᠥᠩᠭᠦ ᠶᠢ ᠨᠢᠭᠡᠳᠦᠯᠲᠡᠶ ᠴᠤᠭᠯᠠᠭᠤᠯᠤᠨ᠎ᠠ︾ ᠪᠠ ︽ᠡᠯ᠎ᠡ ᠱᠠᠲᠤᠨ ᠤ ᠵᠠᠰᠠᠭ ᠤᠨ ᠣᠷᠳᠣᠨ ᠨᠢ 1% ᠠᠴᠠ ᠬᠡᠲᠦᠷᠡᠭᠦᠯᠬᠦ ᠦᠭᠡᠶ ᠬᠠᠷᠢᠴᠠᠯ ᠢᠶᠠᠷ ᠪᠣᠳᠠᠲᠠᠶ ᠲᠠᠲᠠᠪᠤᠷᠢᠯᠠᠭᠰᠠᠨ ᠭᠠᠶᠢᠯᠢ ᠶᠢᠨ ᠪᠤᠰᠤ ᠣᠷᠣᠯᠭ᠎ᠠ ᠶᠢᠨ ᠳᠣᠲᠣᠷ᠎ᠠ ᠠᠴᠠ ᠲᠠᠲᠠᠪᠤᠷᠢᠯᠠᠨ ᠬᠠᠮᠢᠶᠠᠷᠬᠤ ᠵᠠᠷᠤᠳᠠᠯ ᠢᠶᠠᠨ ᠭᠠᠷᠭᠠᠨ ᠠᠪᠴᠤ ᠪᠣᠯᠤᠨ᠎ᠠ︾ ᠵᠡᠷᠭᠡ ᠲᠣᠭᠲᠠᠭᠠᠯ ᠨᠢ ᠨᠢᠭᠡᠨᠲᠡ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠦᠭᠡᠢ ᠪᠣᠯᠵᠦ᠂ ᠪᠤᠰᠤᠳ ᠠᠭᠤᠯᠭ᠎ᠠ ᠨᠢ ᠪᠠᠰᠠ ᠣᠳᠣᠬᠠᠨ ᠤ ᠪᠤᠳᠠᠳᠤ ᠪᠠᠶᠢᠳᠠᠯ ᠲᠠᠢ ᠵᠤᠬᠢᠴᠠᠬᠤ ᠦᠭᠡᠢ ᠪᠤᠯᠵᠠᠢ᠃ ᠡᠭᠦᠨ ᠤ ᠲᠤᠯᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠭᠠᠶᠢᠯᠢ ︹2016︺ 33 ᠳ᠋ᠤᠭᠠᠷ ᠲᠣᠭᠠᠲᠤ︶ ︽ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠵᠠᠷᠯᠢᠭ 104 ᠳ᠋ᠦ᠋ᠭᠡᠷ ᠲᠣᠭᠠᠲᠤ︶ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ ᠲᠤᠰ ︽ᠰᠠᠨᠠᠯ︾ ᠢ ᠲᠣᠭᠲᠠᠭᠠᠪᠠ᠃ ︽ᠰᠠᠨᠠᠯ︾ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ 11 ᠬᠤᠰᠢᠭᠤ ᠰᠢᠶᠠᠨ ᠬᠤᠳᠠ ᠲᠣᠭᠤᠷᠢᠭ ᠤᠨ ᠵᠠᠰᠠᠭ ᠤᠨ ᠣᠷᠳᠣᠨ᠂ ᠠᠷᠠᠳ ᠤᠨ ᠪᠠᠩᠬᠢ ᠶᠢᠨ ᠤᠯᠠᠭᠠᠨᠴᠠᠪ ᠬᠤᠳᠠ ᠶᠢᠨ ᠬᠤᠪᠢᠶᠠᠷᠢ ᠪᠠᠩᠬᠢ᠂ ᠬᠤᠳᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ 20 ᠭᠠᠷᠤᠢ ᠬᠤᠳᠠ ᠶᠢᠨ ᠰᠢᠭᠤᠳ ᠬᠠᠷᠢᠶ᠎ᠠ ᠭᠠᠶᠢᠯᠢ ᠶᠢᠨ ᠪᠤᠰᠤ ᠣᠷᠣᠯᠭ᠎ᠠ ᠶᠢ ᠭᠦᠢᠴᠡᠳᠬᠡᠬᠦ ᠨᠢᠭᠡᠴᠢ ᠵᠢᠴᠢ ᠠᠷᠠᠳ ᠤᠯᠠᠨ ᠤ ᠰᠠᠨᠠᠯ ᠢ ᠥᠷᠭᠡᠨ ᠢᠶᠠᠷ ᠬᠤᠷᠢᠶᠠᠭᠰᠠᠨ ᠪᠠᠶᠢᠨ᠎ᠠ᠃ ᠬᠤᠷᠠᠯ ᠠᠴᠠ ᠡᠮᠦᠨ᠎ᠡ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠠᠨᠠᠯ ᠢ ᠬᠤᠷᠢᠶᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠲᠠᠷᠠᠭ᠎ᠠ ᠬᠢᠨᠠᠨ ᠵᠥᠪᠯᠡᠬᠦ ᠨᠤᠤᠷᠠᠭ ᠢ ᠪᠦᠷᠢᠯᠳᠦᠭᠦᠯᠪᠡ᠃ᠬᠤᠶᠠᠷ᠂ ᠭᠤᠣᠯ ᠠᠭᠤᠯᠭ᠎ᠠ    ︽ᠰᠠᠨᠠᠯ︾ ᠳᠤ ᠨᠡᠶᠢᠲᠡ ᠲᠤᠯᠤᠭᠠᠨ ᠬᠡᠰᠡᠭ ᠬᠤᠪᠢᠶᠠᠵᠤ᠂ ᠭᠤᠤᠯ ᠠᠭᠤᠯᠭ᠎ᠠ ᠳᠤ᠄    ︵ᠨᠢᠭᠡ︶ ᠭᠠᠶᠢᠯᠢ ᠶᠢᠨ ᠪᠤᠰᠤ ᠣᠷᠤᠯᠭ᠎ᠠ ᠶᠢᠨ ᠬᠠᠮᠢᠶᠠᠷᠤᠯᠲᠠ ᠶᠢᠨ ᠬᠡᠪᠴᠢᠶ᠎ᠡ ᠶᠢ ᠲᠣᠳᠤᠷᠬᠠᠶᠢᠯᠠᠨ᠎ᠠ    ᠭᠠᠶᠢᠯᠢ ᠶᠢᠨ ᠪᠤᠰᠤ ᠣᠷᠣᠯᠭ᠎ᠠ ᠶᠢᠨ ᠬᠦᠷᠢᠶ᠎ᠡ ᠬᠡᠪᠴᠢᠶ᠎ᠡ᠂ ᠪᠠᠷᠢᠮᠵᠢᠶᠠᠯᠠᠯ ᠤᠨ ᠶᠣᠰᠣᠭᠠᠷ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢᠨ ᠬᠡᠪᠴᠢᠶ᠎ᠡ ᠶᠢ ᠣᠨᠣᠪᠴᠢᠲᠠᠶ ᠬᠢᠨᠠᠨ ᠪᠣᠳᠣᠵᠤ ᠵᠠᠭᠠᠭᠯᠠᠨ ᠲᠣᠭᠲᠠᠭᠠᠬᠤ ᠬᠡᠷᠡᠭᠳᠡᠢ᠃    ︵ᠬᠤᠶᠠᠷ︶ ᠭᠠᠶᠢᠯᠢ ᠶᠢᠨ ᠪᠤᠰᠤ ᠣᠷᠣᠯᠭ᠎ᠠ ᠶᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ    ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠠᠩᠬᠢ᠂ ᠭᠦᠢᠴᠡᠳᠭᠡᠨ ᠬᠤᠷᠢᠶᠠᠬᠤ ᠨᠢᠭᠡᠴᠢ ᠶᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠠᠲᠠᠪᠤᠷᠢᠯᠠᠨ ᠬᠠᠮᠢᠶᠠᠷᠬᠤ ᠪᠠᠨ ᠴᠢᠩᠭᠠᠷᠠᠭᠤᠯᠤᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠤᠷᠢᠶᠠᠬᠤ ᠶᠣᠰᠣᠲᠠᠶ ᠶᠢ ᠨᠢ ᠴᠥᠮ ᠬᠤᠷᠢᠶᠠᠵᠤ᠂ ᠲᠤᠰᠢᠶᠠᠬᠤ ᠶᠣᠰᠣᠲᠠᠶ ᠶᠢ ᠨᠢ ᠴᠥᠮ ᠲᠤᠰᠢᠶᠠᠬᠤ ᠶᠢ ᠪᠡᠶᠡᠯᠡᠭᠦᠯᠬᠦ ᠬᠡᠷᠡᠭᠲᠡᠶ᠃    ︵ᠭᠤᠷᠪᠠ︶ ᠭᠠᠶᠢᠯᠢ ᠶᠢᠨ ᠪᠣᠰᠤ ᠣᠷᠤᠯᠭ᠎ᠠ ᠶᠢᠨ ᠵᠦᠢᠯᠡᠰ ᠢ ᠬᠢᠨᠠᠨ ᠵᠦᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠨ᠎ᠠ    ᠭᠠᠶᠢᠯᠢ ᠶᠢᠨ ᠪᠤᠰᠤ ᠲᠥᠷᠥᠯ ᠵᠦᠢᠯ᠂ ᠬᠠᠷᠢᠯᠴᠠᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠴᠢᠩᠭᠠᠳᠬᠠᠵᠤ᠂ ᠭᠠᠶᠢᠯᠢ ᠶᠢᠨ ᠪᠤᠰᠤ ᠲᠥᠷᠥᠯ ᠵᠦᠢᠯ ᠪᠠ ᠬᠠᠷᠢᠯᠴᠠᠭᠠᠨ ᠤ ᠲᠥᠷᠥᠯ ᠵᠦᠢᠯ ᠢ ᠴᠢᠩᠭ᠎ᠠ ᠢᠯᠭᠠᠵᠤ᠂ ᠭᠠᠶᠢᠯᠢ ᠶᠢᠨ ᠪᠤᠰᠤ ᠲᠥᠷᠥᠯ ᠵᠦᠢᠯ ᠢ ᠶᠠᠪᠤᠯᠴᠠᠭ᠎ᠠ ᠶᠢᠨ ᠲᠥᠷᠥᠯ ᠵᠦᠢᠯ ᠪᠣᠯᠭᠠᠬᠤ ᠶᠢ ᠴᠢᠩᠭ᠎ᠠ ᠴᠠᠭᠠᠵᠠᠯᠠᠵᠤ᠂ ᠭᠠᠶᠢᠯᠢ ᠶᠢᠨ ᠪᠤᠰᠤ ᠣᠷᠣᠯᠭ᠎ᠠ ᠶᠢ ᠶᠠᠪᠤᠯᠴᠠᠭ᠎ᠠ ᠪᠣᠯᠭᠠᠬᠤ ᠬᠡᠷᠡᠭᠲᠡᠢ᠃    ︵ᠲᠦᠷᠪᠡ︶ ᠡᠳ᠋ ᠤᠨ ᠵᠠᠰᠠᠭ ᠤᠨ ᠫᠢᠶᠣᠤ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ    ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠳᠤ ᠭᠡᠷᠡᠴᠢ ᠪᠠᠷᠢᠮᠲᠠ ᠠᠪᠬᠤ᠂ ᠤᠳᠠᠭ᠎ᠠ ᠬᠤᠪᠢᠶᠠᠨ ᠬᠡᠮᠵᠢᠶ᠎ᠡ ᠬᠢᠵᠠᠭᠠᠷᠯᠠᠬᠤ᠂ ᠬᠠᠭᠤᠴᠢᠨ ᠢ ᠬᠠᠷᠭᠤᠭᠤᠯᠬᠤ ᠰᠢᠨ᠎ᠡ ᠳᠦᠷᠢᠮ ᠢ ᠬᠡᠷᠡᠭᠵᠢᠭᠦᠯᠦᠨ᠎ᠡ᠃ ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠶᠢ ᠬᠡᠷᠡᠭᠯᠡᠬᠦ ᠨᠢᠭᠡᠴᠢ ᠭᠠᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠶᠢ ᠰᠢᠯᠵᠢᠭᠦᠯᠦᠨ ᠥᠭᠴᠦ᠂ ᠵᠢᠭᠡᠯᠡᠭᠦᠯᠵᠦ᠂ ᠣᠷᠣᠯᠠᠨ ᠬᠢᠵᠦ᠂ ᠬᠤᠳᠠᠯᠳᠤᠭᠠᠯᠠᠵᠤ᠂ ᠳᠤᠷ᠎ᠠ ᠪᠠᠷ ᠢᠶᠠᠨ ᠰᠢᠲᠠᠭᠠᠵᠤ᠂ ᠪᠠᠯᠠᠯᠤᠨ ᠥᠭᠡᠷᠡᠴᠢᠯᠡᠵᠦ ᠪᠣᠯᠬᠤ ᠦᠭᠡᠢ︔ ᠭᠠᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠶᠢ ᠤᠭᠰᠠᠷᠠᠨ ᠬᠡᠷᠡᠭᠯᠡᠵᠦ ᠪᠣᠯᠬᠤ ᠦᠭᠡᠢ᠂ ᠭᠠᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠪᠣᠯᠣᠨ ᠪᠤᠰᠤᠳ ᠫᠢᠶᠣᠤ ᠪᠠᠷᠢᠮᠲᠠ ᠶᠢ ᠬᠠᠷᠢᠯᠴᠠᠨ ᠣᠷᠣᠯᠠᠭᠤᠯᠵᠤ ᠪᠣᠯᠬᠤ ᠦᠭᠡᠢ᠃    ︵ᠲᠠᠪᠤ︶ ᠭᠠᠶᠢᠯᠢ ᠶᠢᠨ ᠪᠣᠰᠤ ᠣᠷᠤᠯᠭ᠎ᠠ ᠶᠢ ᠲᠠᠲᠠᠪᠤᠷᠢᠯᠠᠨ ᠲᠤᠰᠢᠶᠠᠯᠭᠠᠬᠤ ᠬᠠᠮᠢᠶᠠᠷᠤᠯᠲᠠ ᠶᠢ ᠴᠢᠩᠭᠠᠳᠬᠠᠨ᠎ᠠ    ᠡᠩ ᠤᠨ ᠣᠯᠠᠨ ᠨᠡᠶᠢᠲᠡ ᠶᠢᠨ ᠲᠥᠰᠦᠪ ᠲᠤ ᠣᠷᠣᠭᠤᠯᠬᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠭᠠᠶᠢᠯᠢ ᠶᠢᠨ ᠪᠤᠰᠤ ᠲᠥᠷᠥᠯ ᠵᠦᠢᠯ ᠤᠨ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢ ᠴᠢᠩᠭᠠᠳᠬᠠᠵᠤ᠂ ᠬᠤᠷᠢᠶᠠᠨ ᠲᠤᠰᠢᠶᠠᠯᠳᠠ᠂ ᠳᠠᠩᠰᠠᠨ ᠡᠷᠦᠬᠡ᠂ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠬᠡᠳᠦᠨ ᠲᠠᠯ᠎ᠠ ᠪᠠᠷ ᠭᠠᠶᠢᠯᠢ ᠶᠢᠨ ᠪᠤᠰᠤ ᠣᠷᠣᠯᠭ᠎ᠠ ᠶᠢ ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃    ︵ᠵᠢᠷᠭᠤᠭ᠎ᠠ︶ ᠭᠠᠶᠢᠯᠢ ᠶᠢᠨ ᠪᠤᠰᠤ ᠣᠷᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ    ᠡᠳ᠋ ᠤᠨ ᠵᠠᠰᠠᠭ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠲᠣᠭᠲᠠᠭᠠᠯ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ᠪᠣᠯᠤᠨ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠨ ᠲᠣᠷᠭᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 427 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠶ᠃    ︵ᠳᠤᠯᠤᠭ᠎ᠠ︶ ᠪᠤᠰᠤᠳ ᠵᠦᠢᠯ    ᠤᠭ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠬᠤᠯᠪᠣᠭᠳᠠᠯ ᠪᠦᠬᠦᠢ ᠲᠣᠭᠲᠠᠭᠠᠯ᠃    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2