ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠵᠦᠸᠧᠽᠢ ᠰᠢᠶᠠᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/29
   8 ᠰᠠᠷ᠎ᠠ ᠶᠢᠨ 23 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠮᠦ ᠢᠦᠢ ᠳ᠋ᠦᠩ ᠵᠦᠸᠧᠽᠢ ᠰᠢᠶᠠᠨ ᠤ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃    ᠤᠬᠠᠭᠤᠯᠤᠨ ᠲᠠᠶᠢᠯᠪᠤᠷᠢᠯᠠᠬᠤ ᠨᠢ ᠶᠠᠷᠢᠯᠴᠠᠬᠤ ᠬᠤᠷᠠᠯ ᠤᠨ ᠬᠡᠯᠪᠡᠷᠢ ᠪᠠᠷ ᠶᠠᠪᠤᠭᠳᠠᠪᠠ᠃ ᠮᠦ ᠢᠦᠢ ᠳ᠋ᠦᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠬᠤᠷᠠᠯᠳᠤᠭᠰᠠᠨ ᠠᠬᠤᠢ ᠪᠠᠶᠢᠳᠠᠯ᠂ ᠭᠤᠣᠯ ᠠᠭᠤᠯᠭ᠎ᠠ ᠵᠢᠴᠢ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠪᠠᠶᠢᠭᠤᠯᠤᠯ ᠤᠨ ᠰᠢᠰᠲ᠋ᠧᠮ ᠢ ᠪᠦᠷᠢᠨᠰᠢᠬᠦᠯᠬᠦ ᠵᠡᠷᠭᠡ ᠲᠠᠯ᠎ᠠ ᠪᠠᠷ᠂ ᠪᠦᠬᠦ ᠬᠤᠳᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠳᠣᠬᠢ ᠪᠠᠶᠢᠳᠠᠯ ᠪᠣᠯᠤᠨ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠲᠠᠢ ᠤᠶᠠᠯᠳᠤᠭᠤᠯᠵᠤ᠂ ᠪᠤᠰᠤᠳᠴᠢ ᠵᠠᠳᠠᠯᠤᠯᠲᠠ ᠪᠣᠯᠤᠨ ᠭᠦᠨᠵᠡᠭᠡᠢ ᠲᠠᠶᠢᠯᠤᠮᠵᠢ ᠬᠢᠭᠰᠡᠨ ᠪᠥᠭᠡᠳ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢᠳ ᠲᠠᠢ ᠭᠦᠨᠵᠡᠭᠡᠢ ᠰᠣᠯᠢᠯᠴᠠᠵᠤ᠂ ᠬᠤᠷᠠᠯ ᠳᠤ ᠣᠷᠣᠯᠴᠠᠭᠰᠠᠳ ᠤᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠳᠤ ᠰᠡᠳᠬᠢᠴᠡ ᠪᠣᠯᠤᠨ ᠵᠢᠯᠤᠭᠤᠳᠤᠯᠭ᠎ᠠ ᠬᠠᠩᠭᠠᠵᠠᠢ᠃    ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠶᠠᠩ ᠪᠥᠸᠧ ᠢᠯᠡᠷᠬᠡᠶᠢᠯᠡᠬᠦ ᠳᠡᠭᠡᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠴᠢᠭᠯᠡᠯ ᠤᠨ ᠠᠵᠠ ᠲᠣᠬᠢᠶᠠᠯ ᠢ ᠡᠵᠡᠮᠳᠡᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠰᠠᠶᠢᠲᠤᠷ ᠬᠢᠵᠦ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠂ ᠬᠤᠤᠰ ᠠᠵᠢᠯ ᠤᠨ ᠪᠠᠶᠢᠷᠢ ᠳᠤ ᠭᠠᠪᠢᠶ᠎ᠠ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠨᠡᠭᠡᠭᠡᠯᠲᠡ ᠶᠢᠨ ᠥᠷᠢᠰᠥᠯᠳᠦᠭᠡᠨ ᠤ ᠳᠤᠮᠳᠠ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠵᠡᠶ᠃                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2