ᠤᠯᠠᠭᠠᠨᠴᠠᠪ ᠤᠨ ᠦᠵᠡᠰᠬᠦᠯᠡᠩ ᠤᠨ ᠲᠣᠭᠤᠷᠢᠭ ᠨᠢ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠦᠵᠡᠰᠬᠦᠯᠡᠩ ᠤᠨ ᠴᠤᠭᠯᠠᠭᠠᠨ ᠳᠤ ᠤᠷᠤᠯᠴᠠᠪᠠ
ᠨᠡᠶᠢᠲᠡᠯᠡᠭᠰᠡᠨ ᠴᠠᠭ᠄
2024/8/30
   8 ᠰᠠᠷ᠎ᠠ ᠶᠢᠨ 29 ᠤ ᠡᠳᠦᠷ᠂ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠠᠷᠠᠯᠵᠢᠶᠠᠨ ᠤ ᠴᠤᠭᠯᠠᠭᠠᠨ ᠬᠥᠬᠡᠬᠤᠲᠠ ᠳᠤ ᠡᠬᠢᠯᠡᠪᠡ᠃    ᠤᠯᠠᠭᠠᠨᠴᠠᠪ ᠤᠨ ᠦᠵᠡᠰᠬᠦᠯᠡᠩ ᠤᠨ ᠲᠣᠭᠤᠷᠢᠭ ᠨᠢ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ᠂ ᠳᠠᠷᠤᠶ ᠤᠯᠠᠭᠠᠨᠴᠠᠪ︾ ᠢᠶᠠᠷ ᠭᠤᠤᠯ ᠰᠡᠳᠦᠪ ᠪᠣᠯᠭᠠᠨ ᠳᠡᠯᠭᠡᠨ ᠦᠵᠡᠭᠦᠯᠵᠦ᠂ ᠨᠡᠶᠢᠲᠡ 100 ᠭᠠᠷᠤᠶ ᠪᠣᠳᠠᠰ ᠤᠨ ᠪᠤᠰᠤ ᠰᠣᠶᠣᠯ ᠤᠨ ᠥᠪ ᠪᠠ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠦᠵᠡᠭᠴᠢᠳ ᠲᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠰᠣᠶᠣᠯ ᠤᠨ ᠦᠵᠡᠰᠬᠦᠯᠡᠩ ᠤᠨ ᠴᠤᠭᠯᠠᠭᠠᠨ ᠨᠢ ︽ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠠᠯᠳᠠᠷᠰᠢᠭᠤᠯᠵᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ 5 ᠡᠳᠦᠷ ᠤᠨ ᠦᠵᠡᠭᠦᠯᠭᠡ ᠬᠢᠪᠠ᠃                             ᠵᠤᠬᠢᠶᠠᠭᠴᠢ᠄ ᠲᠠᠩ ᠰᠢᠤᠸᠠᠨ ᠪᠦᠸᠧ                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2