ᠱᠠᠩᠳᠤ ᠰᠢᠶᠠᠨ ᠴᠠᠭᠠᠨᠨᠠᠭᠤᠷ ᠤᠨ ᠨᠤᠭᠤ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2024/8/30
     ᠨᠢᠭᠡ ᠳᠤ᠂ ᠴᠠᠭᠠᠨᠨᠠᠭᠤᠷ ᠤᠨ ᠰᠠᠪᠠ ᠭᠠᠵᠠᠷ ᠤᠨ ᠱᠠᠩᠳᠤ ᠶᠢᠨ ᠸᠧᠢ ᠱᠦᠢ ᠨᠤᠭᠤ ᠭᠠᠵᠠᠷ ᠢ ᠴᠡᠪᠡᠷᠰᠢᠭᠦᠯᠬᠦ ᠪᠠ ᠠᠮᠢ ᠠᠬᠤᠢ ᠶᠢ ᠰᠡᠷᠭᠦᠭᠡᠬᠦ ᠲᠥᠷᠥᠯ ᠵᠦᠢᠯ᠃ 2023 ᠣᠨ ᠳᠤ 1000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 2024 ᠣᠨ ᠳᠤ 2000 ᠲᠦᠮᠡᠨ ᠲᠥᠭᠦᠷᠢᠭ ᠢ ᠪᠡᠶᠡᠯᠡᠭᠦᠯᠵᠦ᠂ ᠣᠳᠣᠬᠠᠨ ᠳᠤ ᠨᠢᠭᠡᠨᠲᠡ 5.7 ᠺᠢᠯᠣᠮᠧᠲᠷ ᠤᠨ ᠲᠥᠷᠥᠯ ᠵᠦᠢᠯ ᠤᠨ ᠬᠠᠰᠢᠯᠭ᠎ᠠ ᠶᠢ ᠬᠦᠷᠢᠶᠡᠯᠡᠨ ᠪᠤᠶᠢᠵᠢᠭᠤᠯᠵᠤ᠂ ᠬᠦᠴᠦᠳᠡᠯ ᠥᠭᠡᠷᠡᠴᠢᠯᠡᠭᠴᠢ᠂ ᠶᠠᠭ ᠬᠤᠭᠤᠯᠠᠢ ᠲᠣᠣᠷ ᠢ ᠳᠡᠪᠢᠰᠴᠦ᠂ ᠨᠠᠮᠤᠭ ᠨᠤᠭᠤ ᠭᠠᠵᠠᠷ ᠤᠨ ᠬᠠᠰᠢᠯᠭ᠎ᠠ ᠶᠢ ᠨᠡᠭᠡᠭᠡᠵᠦ ᠪᠠᠶᠢᠨ᠎ᠠ᠃    ᠬᠤᠶᠠᠷ ᠲᠤ᠂ ᠴᠢᠬᠤᠯᠠ ᠨᠤᠭᠤ ᠭᠠᠵᠠᠷ ᠤᠨ ᠲᠠᠴᠢᠷᠰᠢᠯ ᠢ ᠶᠡᠷᠦᠩᠬᠡᠶᠢᠯᠡᠨ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠪᠣᠯᠤᠨ᠎ᠠ᠃ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠡᠯᠡ ᠮᠥᠩᠭᠦ ᠶᠢ 500 ᠲᠦᠮᠡᠨ ᠲᠥᠭᠦᠷᠢᠭ ᠣᠯᠵᠤ᠂ ᠨᠢᠭᠡᠳᠦᠭᠡᠷ ᠬᠤᠭᠤᠴᠠᠭᠠᠨ ᠤ ᠶᠡᠷᠦᠩᠬᠡᠶ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠪᠠᠶᠢᠵᠤ᠂ ᠵᠢᠵᠢᠭ ᠪᠢᠴᠢᠯ ᠨᠤᠭᠤ ᠭᠠᠵᠠᠷ ᠢ ᠬᠠᠮᠠᠭᠠᠯᠠᠬᠤ ᠪᠠ ᠰᠢᠪᠠᠭᠤᠨ ᠤ ᠠᠮᠢᠳᠤᠷᠠᠬᠤ ᠭᠠᠵᠠᠷ ᠢ ᠬᠠᠮᠠᠭᠠᠯᠠᠬᠤ ᠢᠨᠵᠧᠨᠧᠷᠢᠩ ᠤᠨ ᠬᠤᠶᠠᠷ ᠵᠦᠢᠯ ᠤᠨ ᠢᠨᠵᠧᠨᠧᠷᠢᠩ ︵ᠨᠢᠭᠡᠳᠦᠭᠡᠷ ᠬᠤᠭᠤᠴᠠᠭ᠎ᠠ︶ ᠢ ᠪᠠᠭᠲᠠᠭᠠᠨ᠎ᠠ᠃ ᠡᠭᠦᠨ ᠳᠤ᠂ ᠵᠢᠵᠢᠭ ᠪᠢᠴᠢᠯ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠲᠠᠯᠠᠪᠠᠢ ᠶᠢ 20 ᠾᠧᠺᠲ᠋ᠠᠷ ᠦᠷᠨᠢᠭᠦᠯᠦᠨ᠎ᠡ︔ ᠰᠢᠪᠠᠭᠤᠨ ᠤ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠬᠤ ᠲᠥᠰᠥᠯ ᠢ ᠬᠡᠷᠡᠭᠵᠢᠭᠦᠯᠦᠭᠰᠡᠨ ᠲᠠᠯᠠᠪᠠᠢ 107 ᠾᠧᠺᠲ᠋ᠠᠷ ᠲᠤ ᠬᠦᠷᠪᠡ᠃ ᠤᠳᠤᠬᠠᠨ ᠳᠤ᠂ ᠪᠠᠷᠢᠯᠭ᠎ᠠ ᠶᠢᠨ ᠭᠡᠷ᠎ᠡ ᠳᠤᠭᠳᠠᠵᠤ᠂ ᠠᠵᠢᠯᠳᠠᠨ᠂ ᠲᠤᠨᠤᠭ ᠲᠦᠬᠦᠭᠡᠷᠦᠮᠵᠢ ᠨᠢᠭᠡᠨᠲᠡ ᠲᠠᠯᠠᠪᠠᠢ ᠳᠤ ᠤᠷᠤᠵᠤ ᠡᠮᠦᠨᠡᠬᠢ ᠬᠤᠭᠤᠴᠠᠭᠠᠨ ᠤ ᠠᠵᠢᠯ ᠢᠶᠠᠨ ᠦᠷᠨᠢᠭᠦᠯᠪᠡ᠃                            ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2