ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠵᠢᠴᠢ ᠤᠯᠤᠰ ᠲᠠᠭᠠᠨ ᠦᠢᠯᠡᠳᠪᠦᠷᠢᠯᠡᠭᠰᠡᠨ ᠳᠡᠭᠡᠳᠦ ᠲᠡᠰ ᠤᠨ ᠨᠡᠶᠢᠳᠡᠮ ᠬᠡᠷᠡᠭᠯᠡᠭᠡᠨ ᠤ ᠰᠢᠨᠵᠢᠯᠡᠬᠦ ᠤᠬᠠᠭᠠᠨ ᠤ ᠪᠠᠭᠠᠵᠢ ᠬᠡᠷᠡᠭᠯᠡᠭᠡᠨ ᠤ ᠰᠤᠳᠤᠯᠭᠠᠨ ᠤ ᠪᠣᠯᠪᠠᠰᠤᠷᠠᠯ ᠤᠨ ᠬᠤᠷᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/5
   8 ᠰᠠᠷ᠎ᠠ ᠶᠢᠨ 3 ᠤ ᠡᠳᠦᠷ᠂ ᠪᠥᠬᠦ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠵᠢᠯᠣᠭᠤᠳᠬᠤ ᠵᠥᠪᠯᠡᠯ ᠤᠨ ᠡᠮ ᠤᠨ ᠲᠥᠷᠥᠯ ᠤᠨ ᠲᠤᠰᠬᠠᠶ ᠵᠥᠪᠯᠡᠯ᠂ ᠲᠢᠶᠠᠨᠵᠢᠨ ᠤ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠭᠤᠤᠯᠯᠠᠨ ᠡᠷᠭᠢᠯᠡᠵᠦ᠂ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠵᠢᠯᠴᠠᠭᠠᠨ ᠤ ᠠᠯᠪᠠᠨ ᠬᠡᠷ᠂ ᠪᠥᠬᠦ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠵᠢᠯᠣᠭᠤᠳᠬᠤ ᠵᠥᠪᠯᠡᠯ ᠤᠨ ᠵᠢᠭᠠᠨ ᠵᠢᠯᠣᠭᠤᠳᠤᠭᠰᠠᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠵᠢᠴᠢ ᠤᠯᠤᠰ ᠲᠠᠭᠠᠨ ᠦᠢᠯᠡᠳᠪᠦᠷᠢᠯᠡᠭᠰᠡᠨ ᠳᠡᠭᠡᠳᠦ ᠲᠠᠰ ᠤᠨ ᠨᠡᠶᠢᠳᠡᠮ ᠬᠡᠷᠡᠭᠯᠡᠭᠡᠨ ᠤ ᠰᠢᠨᠵᠢᠯᠡᠬᠦ ᠤᠬᠠᠭᠠᠨ ᠤ ᠪᠠᠭᠠᠵᠢ ᠬᠡᠷᠡᠭᠰᠡᠯ ᠤᠨ ᠬᠡᠷᠡᠭᠯᠡᠭᠡᠨ ᠤ ᠰᠤᠳᠤᠯᠭᠠᠨ ᠤ ᠪᠣᠯᠪᠠᠰᠤᠷᠠᠯ ᠤᠨ ᠬᠤᠷᠠᠯ ᠮᠠᠨ ᠤ ᠬᠤᠲᠠ ᠳᠤ ᠶᠠᠪᠤᠭᠳᠠᠪᠠ᠃    ᠲᠢᠶᠠᠨᠵᠢᠨ ᠤ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠵᠠᠩ ᠶᠠᠨ ᠸᠧᠨ᠂ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠸᠠᠩ ᠰᠤ᠋ ᠬᠤᠸᠠ ᠬᠤᠷᠠᠯ ᠳᠤ ᠣᠷᠣᠯᠴᠠᠵᠠᠢ᠃    ᠰᠤᠳᠤᠯᠤᠨ ᠶᠠᠷᠢᠯᠴᠠᠬᠤ ᠳᠤᠮᠳᠠ᠂ ᠪᠡᠭᠡᠵᠢᠩ ᠶᠡᠭᠡ ᠰᠤᠷᠭᠠᠭᠤᠯᠢ ᠶᠢᠨ ᠬᠢᠮᠢ ᠪᠠ ᠮᠣᠯᠧᠺᠦ᠋ᠯ ᠤᠨ ᠢᠨᠵᠧᠨᠧᠷᠢᠩ ᠤᠨ ᠳᠡᠭᠡᠳᠦ ᠰᠤᠷᠭᠠᠭᠤᠯᠢ᠂ ᠸᠧᠶ ᠭᠤᠤ ᠭᠦᠸᠧ ᠺᠧ ᠶᠠᠰᠤ ᠴᠢᠨᠠᠷ ᠤᠨ ᠵᠢᠭᠰᠠᠯ ᠤᠨ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ︵ᠲᠢᠶᠠᠨᠵᠢᠨ︶ ᠤᠨ ᠬᠢᠵᠠᠭᠠᠷᠲᠤ ᠺᠣᠮᠫᠠᠨᠢ᠂ ᠲᠢᠶᠠᠨᠵᠢᠨ ᠤ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠡᠷᠭᠡ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠲᠤᠰᠬᠠᠶ ᠮᠡᠷᠭᠡᠵᠢᠯᠲᠡᠨ ᠡᠷᠳᠡᠮᠲᠡᠳ ᠲᠣᠰ ᠲᠣᠰ ︽ᠥᠩᠭᠡ ᠶᠢᠨ ᠵᠢᠭᠰᠠᠯ ᠶᠠᠰᠤ ᠴᠢᠨᠠᠷ ᠤᠨ ᠵᠢᠭᠰᠠᠯ ᠤᠨ ᠲᠦᠢᠮᠣ ᠥᠭᠦᠯᠡᠯᠲᠡ᠄ ᠦᠨᠳᠦᠰᠦᠨ ᠣᠨᠣᠯ᠂ ᠡᠮᠦᠨᠡᠬᠢ ᠦᠭᠡ ᠶᠢᠨ ᠠᠬᠢᠴᠠ ᠪᠠ ᠪᠣᠳᠠᠲᠠᠶ ᠬᠡᠷᠡᠭᠯᠡᠯᠲᠡ︾᠂ ︽ᠥᠩᠭᠡ ᠶᠢᠨ ᠵᠢᠭᠰᠠᠯ᠂ ᠶᠠᠰᠤ ᠴᠢᠨᠠᠷ ᠤᠨ ᠵᠢᠭᠰᠠᠯ ᠳᠤ ᠰᠠᠭᠤᠷᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠢᠷᠤᠭ ᠲᠥᠯᠥᠪᠯᠡᠭᠡ ᠪᠠ ᠬᠡᠷᠡᠭ ᠤᠨ ᠵᠢᠱᠢᠶ᠎ᠡ ᠶᠢ ᠬᠤᠪᠢᠶᠠᠯᠴᠠᠬᠤ︾ ᠵᠡᠷᠭᠡ ᠰᠡᠳᠦᠪ ᠢᠶᠠᠷ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠲᠠᠶᠢᠯᠤᠮᠵᠢ ᠵᠢᠴᠢ ᠡᠷᠳᠡᠮ ᠰᠢᠨᠵᠢᠯᠡᠭᠡᠨ ᠤ ᠶᠠᠷᠢᠯᠴᠠᠭ᠎ᠠ ᠥᠷᠨᠢᠭᠦᠯᠦᠭᠰᠡᠨ ᠪᠥᠭᠡᠳ ᠤᠯᠤᠰ ᠲᠠᠭᠠᠨ ᠦᠢᠯᠡᠳᠪᠦᠷᠢᠯᠡᠭᠰᠡᠨ ᠳᠡᠭᠡᠳᠦ ᠲᠠᠰ ᠤᠨ ᠨᠡᠶᠢᠳᠡᠮ ᠬᠡᠷᠡᠭᠯᠡᠭᠡᠨ ᠤ ᠰᠢᠨᠵᠢᠯᠡᠬᠦ ᠤᠬᠠᠭᠠᠨ ᠤ ᠪᠠᠭᠠᠵᠢ ᠬᠡᠷᠡᠭᠰᠡᠯ ᠤᠨ ᠬᠡᠷᠡᠭᠯᠡᠭᠡᠨ ᠤ ᠰᠤᠳᠤᠯᠭᠠᠨ ᠤ ᠪᠣᠯᠪᠠᠰᠤᠷᠠᠯ ᠬᠢᠵᠡᠶ᠃ ᠭᠤᠣᠯ ᠰᠡᠳᠦᠪ ᠨᠢ ᠢᠯᠡ ᠲᠣᠳᠣ ᠢᠯᠡᠳᠬᠡᠯ᠂ ᠬᠢᠯᠪᠠᠷ ᠣᠶᠢᠯᠠᠭᠠᠮᠵᠢᠲᠠᠶ ᠦᠭᠡ ᠬᠡᠯᠡ᠂ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠨᠢ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠡᠳᠬᠢᠴᠡ ᠬᠠᠩᠭᠠᠵᠤ᠂ ᠬᠥᠳᠡᠯᠭᠡᠬᠦ ᠬᠦᠴᠦᠨ ᠨᠡᠮᠡᠷᠢᠯᠡᠪᠡ᠃    ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠥᠷᠭᠡᠨ ᠢᠶᠠᠷ ᠰᠣᠯᠢᠯᠴᠠᠵᠤ᠂ ᠭᠦᠨᠵᠡᠭᠡᠶ ᠰᠤᠳᠤᠯᠤᠨ ᠶᠠᠷᠢᠯᠴᠠᠵᠤ᠂ ᠰᠢᠨ᠎ᠡ ᠶᠢ ᠡᠭᠦᠳᠬᠦ ᠭᠠᠯ ᠢ ᠬᠥᠭᠵᠢᠭᠡᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠠᠬᠢᠭᠤᠯᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠨ᠎ᠡ ᠭᠡᠵᠡᠶ᠃                                            ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2