ᠬᠤᠸᠠᠳᠧ ᠰᠢᠶᠠᠨ᠄ ᠵᠠᠰᠠᠭ ᠤᠨ ᠶᠠᠪᠤᠳᠠᠯ ᠤᠨ ᠦᠢᠯᠡᠴᠢᠯᠡᠭᠡ ︽ᠡᠭᠦᠳᠡ ᠪᠠᠨ ᠬᠠᠭᠠᠬᠤ ᠥᠬᠡᠶ︾ ︽ᠴᠠᠭ ᠢ ᠤᠷᠳᠤᠳᠬᠠᠬᠤ ᠦᠢᠯᠡᠴᠢᠯᠡᠭᠡ︾ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/8/5
       ᠣᠶᠢᠷ᠎ᠠ ᠳᠤ᠂ ᠣᠯᠠᠨ ᠲᠦᠮᠡᠨ ᠤ ᠬᠡᠷᠡᠭ ᠡᠷᠬᠢᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠤᠸᠠᠳᠧ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠢᠳᠡᠪᠬᠢᠲᠡᠶ ᠪᠠᠷ ︽ᠴᠠᠭ ᠢ ᠤᠷᠳᠤᠳᠬᠠᠬᠤ ᠦᠢᠯᠡᠴᠢᠯᠡᠭᠡ︾ ᠶᠢ ᠬᠠᠩᠭᠠᠵᠤ᠂ ᠠᠵᠤ ᠠᠬᠤᠶᠢᠯᠠᠯ᠂ ᠤᠯᠠᠨ ᠲᠦᠮᠡᠨ ᠤ ᠨᠢᠭᠡᠳᠦᠯᠲᠡᠢ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃    7 ᠰᠠᠷ᠎ᠠ ᠶᠢᠨ 23 ᠤ ᠡᠳᠦᠷ ᠠᠴᠠ ᠡᠬᠢᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠤᠨ ᠬᠤᠯᠪᠣᠭᠠᠲᠤ ᠬᠤᠷᠰᠢᠶ᠎ᠠ ᠶᠢᠨ ᠴᠣᠩᠬᠤᠪᠴᠢ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠬᠦᠢᠴᠡᠳᠬᠡᠬᠦ ᠲᠤᠬᠠᠶᠢᠯᠠᠭᠰᠠᠨ ᠠᠵᠢᠯ ᠲᠦᠷᠭᠡᠨ ᠨᠡᠮᠡᠭᠳᠡᠵᠦ᠂ 7 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ ᠪᠣᠯᠲᠠᠯ᠎ᠠ ᠨᠢᠭᠡᠨᠲᠡ 200 ᠭᠠᠷᠤᠶ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠷᠬᠠᠭᠠᠪᠠ᠃ ᠡᠨᠡ ᠬᠤᠭᠤᠴᠠᠭᠠᠨ ᠳᠤ᠂ ᠵᠠᠯᠭᠠᠭᠠᠳ 2 ᠡᠳᠦᠷ ᠴᠣᠩᠬᠪᠴᠢ ᠶᠢᠨ ᠠᠵᠢᠯᠲᠠᠨ ᠦᠳᠡ ᠶᠢᠨ ᠠᠮᠠᠷᠠᠯᠲᠠ ᠥᠬᠡᠶ᠂ ᠣᠷᠣᠢ ᠨᠢ ᠠᠵᠢᠯ ᠠᠴᠠ ᠪᠠᠨ ᠠᠮᠠᠷᠠᠬᠤ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ︽ᠦᠳᠡ ᠶᠢᠨ ᠦᠶ᠎ᠡ ᠳᠤ ᠬᠢᠬᠦ ᠬᠥᠮᠦᠨ ᠥᠬᠡᠶ︾ ᠠᠰᠠᠭᠤᠳᠠᠯ ᠢ ᠦᠨᠡᠨ ᠬᠦ ᠰᠢᠢᠳᠪᠦᠷᠢᠯᠡᠪᠡ᠃    ᠡᠭᠦᠨ ᠤ ᠬᠠᠮᠲᠤ᠂ ᠬᠤᠸᠠᠳᠧ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠤᠳᠤᠷᠢᠳᠤᠯᠭ᠎ᠠ ᠬᠠᠮᠢᠶ᠎ᠠ ᠪᠥᠬᠦᠶ ᠪᠠᠶᠢᠳᠠᠯ ᠢ ᠪᠠᠶᠢᠴᠠᠭᠠᠨ ᠰᠤᠳᠤᠯᠵᠤ ᠣᠶᠢᠯᠠᠭᠠᠭᠰᠠᠨ ᠤ ᠳᠠᠷᠠᠭ᠎ᠠ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢ ᠴᠤᠭᠯᠠᠭᠤᠯᠤᠨ ᠵᠥᠪᠳᠡᠯᠴᠡᠬᠦ ᠪᠠᠷ ᠳᠠᠮᠵᠢᠭᠤᠯᠤᠨ᠂ ᠴᠣᠩᠬᠤᠪᠴᠢ ᠶᠢᠨ ᠠᠵᠢᠯᠲᠠᠨ ᠳᠤ ᠴᠠᠭ ᠢ ᠤᠷᠲᠤᠳᠬᠠᠬᠤ ᠦᠢᠯᠡᠴᠢᠯᠡᠬᠡᠨ ᠤ ᠦᠳᠡ ᠶᠢᠨ ᠬᠤᠭᠤᠯᠠ ᠶᠢᠨ ᠨᠥᠬᠦᠪᠥᠷᠢ ᠬᠠᠩᠭᠠᠬᠤ ᠪᠠᠷ ᠳᠤᠭᠳᠠᠵᠤ᠂ ᠴᠣᠩᠬᠤᠪᠴᠢ ᠶᠢᠨ ᠠᠵᠢᠯᠲᠠᠨ ᠤ ᠬᠤᠭᠤᠯᠠ ᠢᠳᠡᠬᠦ ᠶᠢ ᠪᠠᠲᠤᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠪᠠ᠃    ᠠᠵᠤ ᠠᠬᠤᠶᠢᠯᠠᠯ ᠪᠠ ᠠᠵᠢᠯ ᠶᠠᠪᠤᠳᠠᠯ ᠬᠦᠢᠴᠡᠳᠬᠡᠬᠦ ᠣᠯᠠᠨ ᠲᠦᠮᠡᠨ ᠢ ᠳᠤᠲᠠᠭᠤ ᠭᠦᠶᠦᠯᠭᠡᠬᠦ ᠶᠢᠨ ᠲᠥᠯᠥᠭᠡ᠂ ︽ᠬᠡᠲᠦᠷᠡᠬᠦ ᠳᠡᠭᠡᠨ ᠨᠢᠭᠡ ᠯᠡ ᠤᠳᠠᠭ᠎ᠠ ᠶᠠᠪᠤᠬᠤ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠲᠢᠩᠬᠢᠮ ᠤᠨ ᠡᠯ᠎ᠡ ᠴᠣᠩᠬᠤᠪᠴᠢ ᠨᠢ ︽ᠣᠯᠠᠨ ᠲᠦᠮᠡᠨ ᠴᠣᠩᠬᠤᠪᠴᠢ ᠠᠴᠠ ᠰᠠᠯᠬᠤ ᠥᠬᠡᠶ᠂ ᠺᠠᠳ᠋ᠷ ᠠᠵᠢᠯ ᠤᠨ ᠪᠠᠶᠢᠷᠢ ᠠᠴᠠ ᠪᠠᠨ ᠰᠠᠯᠬᠤ ᠥᠬᠡᠶ︾ ᠦᠢᠯᠡᠴᠢᠯᠡᠬᠡᠨ ᠤ ᠣᠨᠣᠯᠵᠢᠬᠤᠨ ᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠦᠢᠴᠡᠳᠬᠡᠬᠦ ᠣᠯᠠᠨ ᠲᠦᠮᠡᠨ ᠳᠤ ︽ᠴᠠᠭ ᠢ ᠤᠷᠳᠤᠳᠬᠠᠬᠤ ᠦᠢᠯᠡᠴᠢᠯᠡᠭᠡ︾ ᠶᠢ ᠬᠠᠩᠭᠠᠪᠠ᠃    ᠡᠨᠡ ᠵᠢᠯ ᠠᠴᠠ ᠨᠠᠰᠢ᠂ ᠬᠤᠸᠠᠳᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠨᠡᠶᠢᠲᠡ 349 ᠤᠳᠠᠭ᠎ᠠ ᠴᠠᠭ ᠤᠷᠲᠤᠳᠬᠠᠭᠰᠠᠨ ᠦᠢᠯᠡᠴᠢᠯᠡᠭᠡ᠂ 95 ᠤᠳᠠᠭ᠎ᠠ ᠪᠣᠯᠵᠣᠬᠤ ᠦᠢᠯᠡᠴᠢᠯᠡᠭᠡ᠂ 4 ᠤᠳᠠᠭ᠎ᠠ ᠬᠡᠷ ᠲᠤᠨᠢ ᠬᠦᠷᠴᠦ ᠦᠢᠯᠡᠴᠢᠯᠡᠬᠦ᠂ 443 ᠤᠳᠠᠭ᠎ᠠ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠢ ᠳᠤᠲᠠᠭᠤ ᠭᠦᠶᠦᠯᠭᠡᠬᠦ ᠠᠮᠠᠯᠠᠯᠲᠠ ᠶᠢ ᠦᠢᠯᠡᠳᠦᠯᠭᠡᠵᠢᠭᠦᠯᠵᠦ᠂ ᠤᠯᠠᠨ ᠲᠦᠮᠡᠨ ᠢ ᠰᠡᠳᠬᠢᠯ ᠬᠠᠨᠤᠮᠵᠢᠲᠠᠶ ᠪᠤᠴᠠᠭᠠᠪᠠ᠃                     ᠵᠣᠬᠢᠶᠠᠭᠴᠢ᠄ ᠰᠦᠨ ᠭᠦᠸᠧ ᠵᠢᠶᠦ᠋ᠨ                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2