ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠠᠵᠤ ᠦᠢᠯᠡᠰ ᠤᠨ ᠪᠦᠲᠦᠴᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2024/8/6
   ᠨᠢᠭᠡ ᠳᠤ᠂ ᠦᠢᠯᠡᠴᠢᠯᠡᠭᠡᠨ ᠤ ᠦᠢᠯᠡᠰ ᠢ ᠣᠨᠴᠠᠯᠢᠬᠵᠢᠭᠤᠯᠬᠤ ᠶᠢ ᠭᠦᠨᠵᠡᠭᠡᠶ ᠠᠬᠢᠭᠤᠯᠪᠡ᠃ ᠨᠢᠭᠡ ᠲᠠᠯ᠎ᠠ ᠪᠠᠷ᠂ ᠵᠢᠭᠤᠯᠴᠢᠯᠠᠯ ᠨᠢ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠ ᠨᠡᠷ᠎ᠡ ᠠᠯᠳᠠᠷ ᠢᠶᠠᠨ ᠳᠡᠭᠡᠭᠰᠢᠯᠡᠭᠦᠯᠬᠦ ᠶᠢᠨ ᠲᠣᠭᠤᠷᠢᠨ ᠳᠤ ᠠᠷᠭ᠎ᠠ ᠤᠬᠠᠭᠠᠨ ᠭᠠᠷᠭᠠᠵᠤ᠂ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠶᠢ ᠪᠠᠶᠠᠯᠢᠭᠵᠢᠭᠤᠯᠤᠨ ᠥᠷᠭᠡᠳᠬᠡᠪᠡ᠃ ᠨᠥᠭᠦᠭᠡ ᠲᠠᠯ᠎ᠠ ᠪᠠᠷ᠂ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠲᠦᠷᠭᠡᠳᠬᠡᠵᠦ᠂ ᠬᠠᠯᠠᠭᠤᠨ ᠷᠠᠰᠢᠶᠠᠨ ᠤ ᠪᠠᠭᠤᠳᠠᠯ᠂ ᠤᠨᠴᠠᠯᠢᠬᠳᠤ ᠢᠳᠡᠭᠡᠨ ᠤᠮᠳᠠᠭᠠᠨ᠂ ᠲᠠᠷᠢᠶᠠᠯᠠᠩ ᠤᠨ ᠶᠠᠪᠤᠳᠠᠯ ᠢ ᠣᠶᠢᠯᠠᠭᠠᠬᠤ ᠵᠡᠷᠭᠡ ᠲᠥᠷᠥᠯ ᠵᠦᠢᠯ ᠤᠨ ᠲᠥᠯᠥᠪᠵᠢᠭᠦᠯᠭᠡ ᠶᠢ ᠴᠢᠩᠭᠠᠳᠬᠠᠨ᠂ ᠨᠢᠭᠡ ᠪᠦᠯᠦᠭ ᠰᠣᠳᠣᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠪᠠ ᠪᠠᠶᠠᠷ ᠤᠨ ᠡᠳᠦᠷ ᠤᠨ ᠤᠷᠤᠯᠳᠤᠭᠠᠨ ᠢ ᠪᠣᠶ ᠪᠣᠯᠭᠠᠵᠤ᠂ ︽ᠬᠤᠨᠤᠭ ᠤᠨ ᠠᠵᠤ ᠠᠬᠤᠶ︾᠂ ︽ᠬᠦᠷᠢᠶᠡᠨ ᠳᠤᠳᠤᠷᠠᠬᠢ ᠠᠵᠤ ᠠᠬᠤᠶ︾ ᠪᠠ ︽ᠠᠷᠠᠳ ᠤᠨ ᠵᠠᠩ ᠦᠢᠯᠡ ᠶᠢᠨ ᠰᠣᠶᠣᠯ ᠤᠨ ᠠᠵᠤ ᠠᠬᠤᠶ︾ ᠶᠢ ᠳᠠᠶᠢᠴᠢᠯᠠᠨ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤ 80 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ  ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 1.28 ᠳᠠᠬᠢᠨ ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ 6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.86 ᠳᠠᠬᠢᠨ ᠨᠡᠮᠡᠭᠳᠡᠪᠡ︔ ᠠᠷᠠᠳ ᠤᠨ ᠣᠷᠣᠨ ᠰᠠᠭᠤᠴᠠ ᠶᠢᠨ ᠵᠤᠭᠠᠴᠠᠭᠰᠠᠳ ᠢ 5.5 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠣᠷᠣᠯᠭ᠎ᠠ 3700 ᠲᠦᠮᠡᠨ ᠲᠥᠭᠦᠷᠢᠭ ᠲᠤ ᠬᠦᠷᠴᠦ᠂ 230 ᠬᠥᠮᠦᠨ ᠳᠤ ᠠᠵᠢᠯ ᠣᠯᠭᠤᠪᠠ᠃    ᠬᠤᠶᠠᠷ ᠲᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠥᠨᠳᠥᠷ ᠪᠦᠲᠦᠮᠵᠢᠲᠡᠶ ᠪᠠᠷ ᠬᠥᠭᠵᠢᠭᠦᠯᠪᠡ᠃ ᠪᠦᠬᠦ ᠤᠯᠤᠰ ᠤᠨ ᠠᠩᠬᠠᠳᠠᠭᠴᠢ ᠬᠠᠭᠤᠷᠠᠶ ᠪᠠᠷ ᠲᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠳᠦᠭᠡᠷ ᠳᠡᠰ ᠤᠨ ᠬᠠᠮᠲᠤᠪᠠᠷ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠶᠢᠨ ᠬᠠᠮᠲᠤ  ᠲᠥᠮᠥᠰᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳ᠋ᠠ ᠯᠢᠦ ᠬᠤᠤ ᠵᠢᠱᠢᠶ᠎ᠡ ᠦᠵᠡᠭᠦᠯᠬᠦ ᠬᠦᠷᠢᠶᠡᠯᠡᠩ ᠳᠤ ᠲᠦᠰᠢᠭᠯᠡᠨ᠂ ᠲᠥᠮᠥᠰᠥ ᠶᠢᠨ ᠦᠷ᠎ᠡ ᠶᠢᠨ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ 7 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠲᠥᠮᠥᠰᠥ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠨᠡᠶᠢᠲᠡ 6 ᠲᠦᠮᠡᠨ ᠮᠥ ᠪᠠᠶᠢᠭᠤᠯᠪᠠ︔ 2 ᠲᠦᠮᠡᠨ ᠮᠥ  ᠲᠥᠮᠥᠰᠥ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠡᠷᠦᠩᠬᠡᠶᠢᠯᠡᠭᠰᠡᠨ ᠴᠢᠨᠠᠷᠲᠠᠶ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠵᠦ᠂ 10 ᠲᠦᠮᠡᠨ ᠮᠥ ᠰᠣᠳᠣᠨ ᠲᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2