| | ᠨᠢᠭᠡ ᠳᠤ᠂ ︽ᠵᠣᠭᠤᠰ ᠨᠠᠭᠠᠳᠬᠤ︾ ᠭᠠᠵᠠᠷ ᠨᠡᠮᠡᠪᠡᠯ ᠵᠠᠪᠠᠯ ᠰᠢᠢᠳᠪᠦᠷᠢᠯᠡᠨ᠎ᠡ᠃ ︽ᠵᠤᠨ ᠤ ᠤᠯᠠᠷᠢᠯ ᠤᠨ | ᠠᠵᠢᠯᠯᠠᠭ᠎ᠠ︾ ᠳᠤ᠂ ᠰᠤᠷᠪᠤᠯᠵᠢᠯᠠᠨ ᠪᠠᠶᠢᠴᠠᠭᠠᠨ ᠵᠢᠭᠰᠠᠭᠠᠬᠤ ᠪᠠᠷ ᠳᠠᠮᠵᠢᠭᠤᠯᠤᠨ᠂ ᠵᠣᠭᠤᠰ ᠨᠠᠭᠠᠳᠬᠤ ᠳᠤ | ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠶ ᠳᠤᠨᠢ | ᠴᠤᠭᠯᠠᠭᠤᠯᠤᠨ ᠡᠮᠬᠢᠯᠡᠵᠦ᠂ ︽ᠢᠯᠡ ᠭᠠᠷᠤᠮᠠᠭᠴᠠ ᠴᠣᠬᠢᠬᠤ︾ ᠪᠠ ︽ᠵᠣᠬᠢᠶᠠᠨ ᠪᠠᠶᠢᠭᠤᠯᠤᠯᠲᠠ ᠶᠢ ᠡᠪᠳᠡᠬᠦ᠂ | ᠡᠭᠦᠷ ᠢ ᠨᠢ ᠡᠪᠳᠡᠬᠦ᠂ ᠲᠦᠢᠯᠪᠤᠷᠢᠲᠠᠶ ᠠᠭᠤᠳᠠᠯᠬᠤ︾ ᠠᠵᠢᠯ ᠤᠨ ᠰᠡᠳᠬᠢᠮᠵᠢ ᠶᠢ ᠪᠠᠷᠢᠮᠲᠠᠯᠠᠨ᠂ ᠴᠠᠭ ᠢᠶᠠᠨ | ᠲᠥᠪᠯᠡᠷᠡᠭᠦᠯᠦᠨ᠂ ᠳᠠᠪᠠᠭᠤᠯᠢᠭ ᠴᠠᠭᠳᠠᠭᠠᠨ ᠤ ᠬᠦᠴᠦᠨ ᠢᠶᠠᠨ ᠲᠥᠪᠯᠡᠷᠡᠭᠦᠯᠦᠨ᠂ ᠲᠥᠪᠯᠡᠷᠡᠭᠦᠯᠦᠨ ᠴᠣᠬᠢᠯᠲᠠ | ᠥᠭᠴᠦ᠂ ᠢᠯᠠᠩᠭᠤᠶ᠎ᠠ ᠸᠢᠴᠠᠲ᠂ ᠵᠣᠭᠤᠰ ᠨᠠᠭᠠᠳᠬᠤ ᠳᠤ ᠬᠤᠯᠪᠣᠭᠳᠠᠭᠰᠠᠨ APP ᠵᠥᠭᠡᠯᠡᠨ ᠲᠣᠨᠤᠭ ᠵᠡᠷᠭᠡ ᠪᠠᠷ | ᠳᠠᠮᠵᠢᠭᠤᠯᠤᠨ ᠵᠣᠭᠤᠰ ᠨᠠᠭᠠᠳᠬᠤ ᠳᠤ ᠴᠢᠩᠭ᠎ᠠ ᠴᠣᠬᠢᠯᠲᠠ ᠥᠭᠪᠡ᠃ ᠣᠲᠣ ᠪᠣᠯᠲᠠᠯ᠎ᠠ᠂ ᠨᠡᠶᠢᠲᠡ 24 ᠵᠣᠭᠤᠰ | ᠨᠠᠭᠠᠳᠬᠤ ᠬᠡᠷᠡᠭ ᠢ ᠪᠠᠶᠢᠴᠠᠭᠠᠨ ᠰᠢᠢᠳᠪᠦᠷᠢᠯᠡᠵᠤ᠂ 8 ᠬᠡᠷᠡᠭ ᠢ ᠬᠡᠷᠡᠭ ᠪᠣᠯᠭᠠᠨ ᠳᠡᠩᠰᠡᠯᠡᠵᠦ᠂ 45 ᠬᠥᠮᠦᠨ ᠳᠤ | ᠵᠠᠰᠠᠭ ᠵᠠᠬᠢᠷᠭᠠᠨ ᠤ ᠰᠢᠳᠬᠡᠯ ᠥᠭᠴᠦ᠂ 15080 ᠲᠥᠭᠦᠷᠢᠭ ᠤᠨ ᠨᠠᠭᠠᠳᠤᠮ ᠤᠨ ᠪᠠᠯᠠ ᠮᠥᠩᠭᠦ ᠶᠢ ᠬᠤᠷᠢᠶᠠᠨ | ᠠᠪᠤᠪᠠ᠃ | ᠬᠤᠶᠠᠷ ᠲᠤ ︽ᠬᠤᠣᠷ ᠡᠳ᠋︾ ᠢ ᠵᠠᠪᠠᠯ ᠠᠷᠢᠯᠭᠠᠨ᠎ᠡ᠃ ᠱᠠᠩᠳᠤ ᠰᠢᠶᠠᠨ ᠬᠠᠷᠢᠶᠠᠲᠤ ᠣᠷᠣᠨ ᠤ ᠪᠣᠳᠠᠲᠤ | ᠪᠠᠶᠢᠳᠠᠯ ᠳᠤ ᠰᠠᠭᠤᠷᠢᠯᠠᠨ᠂ ᠬᠤᠤᠷᠲᠤ ᠡᠳ᠋ ᠢ ᠬᠠᠤᠯᠢ ᠪᠤᠰᠤ ᠪᠠᠷ ᠳᠠᠷᠢᠬᠤ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠤᠨ ᠨᠡᠶᠢᠳᠡᠮ | ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠬᠦᠷᠢᠶ᠎ᠡ ᠬᠠᠰᠢᠶ᠎ᠠ᠂ | ᠲᠠᠷᠢᠶᠠᠨ ᠭᠠᠵᠠᠷ᠂ ᠬᠡᠭᠡᠷ᠎ᠡ ᠭᠠᠳᠠᠨ᠎ᠠ ᠠᠲᠠᠷ ᠭᠠᠵᠠᠷ ᠤᠨ ᠬᠤᠤᠷᠲᠤ ᠡᠳ᠋ ᠤᠨ ᠤᠷᠭᠤᠮᠠᠯ ᠢ ᠲᠦᠢᠯᠪᠤᠷᠢᠲᠠᠶ ᠴᠡᠪᠡᠷᠯᠡᠨ | ᠠᠷᠢᠯᠭᠠᠵᠤ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠪᠠ ᠮᠥᠷᠳᠡᠨ ᠪᠠᠶᠢᠴᠠᠭᠠᠬᠤ ᠠᠵᠢᠯ ᠢ ᠴᠢᠩᠭᠠᠳᠬᠠᠨ᠂ ︽ | ᠵᠣᠨ ᠤ ᠤᠯᠠᠷᠢᠯ ᠤᠨ ᠠᠵᠢᠯᠯᠠᠭ᠎ᠠ︾ ᠳᠤ ᠳᠠᠬᠢᠨᠲᠠ ᠦᠷ᠎ᠡ ᠪᠦᠲᠦᠭᠡᠯ ᠨᠡᠮᠡᠷᠢᠯᠡᠭᠰᠡᠨ ᠪᠠᠶᠢᠨ᠎ᠠ᠃ ᠣᠳᠣᠬᠠᠨ ᠪᠣᠯᠲᠠᠯ᠎ᠠ᠂ | ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠪᠠᠷ ᠳᠡᠮᠵᠢᠨ᠂ ᠨᠡᠶᠢᠲᠡ 11 ᠠᠩᠭᠢ ᠨᠢᠭᠡᠨᠲᠡ ᠠᠵᠢᠯ ᠤᠨ ᠦᠷ᠎ᠡ | ᠪᠦᠲᠦᠭᠡᠯ ᠣᠯᠵᠤ᠂ 1149 ᠬᠤᠤᠷᠲᠤ ᠡᠳ᠋ ᠤᠨ ᠲᠦᠭᠦᠬᠡᠶ ᠤᠷᠭᠤᠮᠠᠯ ᠢ ᠢᠯᠡᠷᠡᠭᠦᠯᠦᠨ ᠠᠷᠢᠯᠭᠠᠵᠤ᠂ 2.81 | ᠭᠷᠠᠮ ᠬᠤᠤᠷᠲᠤ ᠡᠳ᠋ ᠢ ᠬᠤᠷᠢᠶᠠᠨ ᠠᠪᠴᠤ᠂ ᠢᠯᠡᠷᠡᠭᠦᠯᠦᠭᠰᠡᠨ ᠬᠠᠤᠯᠢ ᠪᠤᠰᠤ ᠪᠠᠷ ᠳᠠᠷᠢᠬᠤ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠤ᠂ ᠣᠳᠣᠬᠠᠨ ᠳᠤ ᠨᠢᠭᠡᠨᠲᠡ 21 ᠬᠥᠮᠦᠨ ᠳᠤ ᠵᠠᠰᠠᠭ ᠵᠠᠬᠢᠷᠭᠠᠨ ᠤ | ᠰᠢᠢᠳᠬᠡᠯ ᠥᠭᠴᠦ᠂ ᠮᠠᠰᠢ ᠰᠠᠶᠢᠨ ᠰᠦᠷᠳᠡᠭᠦᠯᠬᠦ ᠪᠠ ᠬᠥᠮᠦᠵᠢᠭᠦᠯᠬᠦ ᠦᠷ᠎ᠡ ᠪᠦᠲᠦᠮᠵᠢ ᠳᠤ ᠭᠦᠷᠦᠭᠰᠡᠨ ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |