︽ᠤᠯᠠᠭᠠᠨᠴᠠᠪ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2024/8/7
   ᠣᠶᠢᠷ᠎ᠠ ᠳᠤ᠂ ᠤᠯᠠᠭᠠᠨᠴᠠᠪ ᠬᠤᠲᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠤᠯᠠᠭᠠᠨᠴᠠᠪ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ︵ᠳᠣᠷᠣᠭᠰᠢ ︽ᠪᠡᠯᠡᠳᠬᠡᠯ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠲᠣᠰ ᠤᠳᠠᠭᠠᠨ ᠤ ︽ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠬᠤ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠣᠶᠢᠷ᠎ᠠ ᠶᠢᠨ ᠵᠢᠯ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠲᠤᠷᠰᠢᠯᠭ᠎ᠠ ᠪᠠ ᠠᠷᠭ᠎ᠠ ᠬᠢᠳᠡᠯ ᠢ ᠨᠠᠷᠢᠨ ᠬᠢᠨᠠᠮᠠᠭᠠᠶ ᠳ᠋ᠦᠩᠨᠡᠵᠦ᠂ ᠰᠢᠨ᠎ᠡ ᠴᠠᠭ ᠦᠶ᠎ᠡ ᠶᠢᠨ ᠪᠠᠶᠢᠭᠠᠯᠢ ᠶᠢᠨ ᠭᠠᠮᠰᠢᠭ ᠤᠨ ᠪᠠᠶᠢᠳᠠᠯ ᠪᠠ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠡᠭᠦᠷᠭᠡ ᠶᠢᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠰᠢᠨ᠎ᠡ ᠬᠡᠷᠡᠭᠴᠡᠭᠡ ᠶᠢ ᠠᠩᠬᠠᠷᠴᠤ᠂ ᠬᠤᠲᠠ ᠶᠢᠨ ᠱᠠᠲᠤᠨ ᠤ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠲᠣᠭᠲᠠᠴᠠ᠂ ᠪᠠᠴᠢᠮ ᠪᠠᠶᠢᠳᠠᠯ ᠢ ᠠᠷᠭᠠᠴᠠᠬᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠵᠢᠷᠤᠮᠵᠢᠭᠤᠯᠤᠨ ᠲᠡᠭᠦᠯᠳᠡᠷᠵᠢᠭᠦᠯᠪᠡ᠃    ᠨᠢᠭᠡ᠂ ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ︽ᠪᠡᠯᠡᠳᠬᠡᠯ ᠲᠥᠰᠦᠯ︾ ᠳᠤ ᠤᠯᠠᠭᠠᠨᠴᠠᠪ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠵᠢᠯᠣᠭᠤᠳᠬᠤ ᠭᠠᠵᠠᠷ ᠤᠨ ᠡᠭᠦᠷᠭᠡ ᠴᠢᠳᠠᠪᠤᠷᠢ ᠶᠢ ᠲᠣᠳᠣᠷᠬᠠᠶᠢᠯᠠᠵᠤ᠂ ᠤᠯᠠᠭᠠᠨᠴᠠᠪ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠵᠢᠯᠣᠭᠤᠳᠬᠤ ᠭᠠᠵᠠᠷ ᠤᠨ ᠪᠥᠬᠦ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠳᠤ ᠲᠦᠷᠦᠭᠦᠯᠡᠨ ᠶᠡᠷᠦᠩᠬᠡᠶᠢᠯᠡᠨ ᠠᠳᠬᠤᠬᠤ᠂ ᠶᠡᠷᠦᠩᠬᠡᠶᠢᠯᠡᠨ ᠨᠢᠭᠡᠳᠦᠯᠲᠡᠶ ᠲᠥᠯᠥᠪᠯᠡᠬᠦ᠂ ᠵᠢᠯᠣᠭᠤᠳᠤᠨ ᠰᠢᠮᠳᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠢ ᠶᠢᠨ ᠲᠤᠰᠬᠠᠶ ᠮᠡᠷᠭᠡᠵᠢᠯ ᠤᠨ ᠳᠠᠪᠠᠭᠤᠯᠢᠭ᠂ ᠠᠵᠢᠯ ᠲᠥᠷᠥᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠠᠬᠢᠭᠤᠯᠵᠤ᠂ ᠵᠥᠪᠳᠡᠯᠴᠡᠨ ᠰᠤᠳᠤᠯᠤᠨ ᠮᠠᠭᠠᠳᠯᠠᠬᠤ᠂ ᠴᠤᠤᠷᠢᠶᠠᠲᠤᠨ ᠳᠠᠭᠠᠵᠤ ᠡᠬᠢᠯᠡᠭᠦᠯᠬᠦ ᠵᠡᠷᠭᠡ ᠡᠭᠦᠷᠭᠡ ᠬᠠᠷᠢᠭᠤᠴᠠᠯᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠨᠢᠭᠡᠳᠦᠯᠲᠡᠶ ᠵᠢᠯᠣᠭᠤᠳᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠭᠠᠮᠰᠢᠭ ᠲᠤ ᠬᠤᠯᠪᠣᠭᠳᠠᠭᠰᠠᠨ ᠡᠯ᠎ᠡ ᠰᠠᠯᠠᠭ᠎ᠠ ᠮᠥᠴᠢᠷ ᠨᠢᠭᠡᠴᠢ ᠶᠢ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ᠂ ᠬᠠᠮᠵᠢᠯᠴᠠᠨ ᠠᠷᠭᠠᠴᠠᠬᠤ ᠶᠢᠨ ᠵᠢᠯᠣᠭᠤᠳᠬᠤ ᠲᠣᠭᠲᠠᠴᠠ ᠶᠢ ᠪᠠᠶᠢᠭᠤᠯᠤᠨ᠎ᠠ᠃ ︽ᠪᠡᠯᠡᠳᠬᠡᠯ ᠲᠥᠰᠦᠯ︾ ᠳᠤ ᠤᠯᠠᠭᠠᠨᠴᠠᠪ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠤᠨ ᠠᠯᠪᠠᠨ ᠭᠡᠷ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠡᠭᠦᠷᠭᠡ ᠴᠢᠳᠠᠪᠤᠷᠢ ᠶᠢ ᠲᠣᠳᠣᠷᠬᠠᠶᠢᠯᠠᠵᠤ᠂ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢᠨ ᠲᠤᠬᠠᠢ ᠲᠤᠰᠠᠭᠠᠷ ᠲᠣᠭᠲᠠᠭᠠᠯ ᠨᠢ ᠪᠦᠬᠦ᠋ᠢᠯᠡ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠢ ᠨᠡᠩ ᠪᠦᠷᠢᠨ ᠲᠡᠭᠦᠯᠳᠡᠷ ᠪᠣᠯᠭᠠᠪᠠ᠃    ᠬᠤᠶᠠᠷ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ︽ᠪᠡᠯᠡᠳᠬᠡᠯ ᠲᠥᠰᠦᠯ︾ ᠤᠨ ᠳᠥᠷᠪᠡᠳᠦᠭᠡᠷ ᠪᠦᠯᠦᠭ ᠤᠨ ᠲᠤᠰᠬᠠᠶ ᠪᠦᠯᠦᠭ ᠲᠤ ︽ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ︾ ᠶᠢ ᠲᠣᠭᠲᠠᠭᠠᠵᠤ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠪᠦᠷᠢᠳᠬᠡᠨ ᠮᠡᠳᠡᠭᠦᠯᠬᠦ᠂ ᠬᠢᠨᠠᠨ ᠪᠠᠶᠢᠴᠠᠭᠠᠵᠤ ᠦᠨᠡᠯᠡᠨ ᠵᠢᠱᠢᠬᠦ᠂ ᠵᠥᠪᠳᠡᠯᠴᠡᠨ ᠬᠢᠨᠠᠨ ᠲᠣᠭᠲᠠᠭᠠᠬᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠠᠵᠢᠯ ᠢ ᠰᠠᠶᠢᠲᠤᠷ ᠬᠢᠵᠦ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠢᠴᠢ ᠨᠡᠶᠢᠲᠡᠯᠡᠬᠦ ᠵᠡᠷᠭᠡ ᠲᠠᠯ᠎ᠠ ᠶᠢᠨ ᠠᠵᠢᠯ ᠤᠨ ᠲᠠᠰ ᠳᠠᠷᠠᠭᠠᠯᠠᠯ᠂ ᠠᠭᠤᠯᠭ᠎ᠠ ᠶᠢᠨ ᠬᠦᠷᠢᠶ᠎ᠡ ᠴᠠᠷᠠᠭ᠎ᠠ᠂ ᠴᠠᠭ ᠤᠨ ᠬᠢᠵᠠᠭᠠᠷ ᠤᠨ ᠱᠠᠭᠠᠷᠳᠠᠯᠭ᠎ᠠ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠵᠢᠷᠤᠮᠵᠢᠭᠤᠯᠵᠤ᠂ ᠭᠠᠮᠰᠢᠭ ᠤᠨ ᠪᠠᠶᠢᠳᠠᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠤᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠭᠠᠮᠰᠢᠭ ᠢ ᠮᠡᠳᠡᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃    ᠭᠤᠷᠪᠠ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠣᠶᠢᠷ᠎ᠠ ᠶᠢᠨ ᠵᠢᠯ ᠠᠴᠠ ᠨᠠᠰᠢ ᠮᠠᠨ ᠤ ᠬᠤᠲᠠ ᠶᠢᠨ ᠬᠥᠮᠦᠨ ᠠᠮᠠ ᠪᠠᠭᠠᠰᠴᠤ᠂ ᠪᠠᠶᠢᠩᠭᠤ ᠰᠠᠭᠤᠭ᠎ᠠ ᠬᠥᠮᠦᠨ ᠠᠮᠠ 2021 ᠣᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠬᠢᠬᠦ ᠦᠶ᠎ᠡ ᠶᠢᠨ 170 ᠲᠦᠮᠡ ᠪᠠᠶᠢᠭᠰᠠᠨ ᠠᠴᠠ ᠪᠠᠨ 2023 ᠣᠨ ᠤ ᠡᠴᠦᠰ ᠲᠤ 160 ᠲᠦᠮᠡᠨ ᠬᠥᠮᠦᠨ ᠪᠣᠯᠣᠨ ᠪᠠᠭᠤᠷᠠᠵᠤ᠂ ᠰᠢᠶᠠᠩ ᠪᠠᠯᠭᠠᠰᠤᠨ ᠤ ᠬᠥᠮᠦᠨ ᠠᠮᠠ ᠳᠣᠯᠣᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠦᠶ᠎ᠡ ᠶᠢᠨ 68 ᠲᠦᠮᠡᠨ ᠬᠥᠮᠦᠨ ᠪᠠᠶᠢᠭᠰᠠᠨ ᠠᠴᠠ ᠪᠠᠨ 61 ᠲᠦᠮᠡᠨ ᠬᠥᠮᠦᠨ ᠪᠣᠯᠣᠨ ᠪᠠᠭᠤᠷᠠᠪᠡ᠂ ᠡᠭᠦᠨ ᠠᠴᠠ ᠭᠠᠳᠠᠨ᠎ᠠ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠲᠠᠰᠤᠷᠠᠯᠲᠠ ᠥᠬᠡᠶ ᠰᠠᠶᠢᠵᠢᠷᠠᠵᠤ᠂ ᠬᠡᠷ ᠪᠠᠶᠢᠰᠢᠩ ᠤᠨ ᠭᠠᠮᠰᠢᠭ ᠢ ᠰᠡᠷᠭᠡᠶᠢᠯᠡᠨ ᠭᠠᠵᠠᠷ ᠬᠥᠳᠡᠯᠦᠯᠲᠡ ᠶᠢ ᠳᠠᠭᠠᠭᠠᠬᠤ ᠴᠢᠳᠠᠪᠤᠷᠢ ᠳᠡᠭᠡᠭᠰᠢᠯᠡᠵᠦ᠂ ᠡᠬᠢᠯᠡᠭᠦᠯᠬᠦ ᠨᠥᠬᠦᠴᠡᠯ ᠤᠨ ᠳᠣᠲᠣᠷ᠎ᠠ ᠪᠠᠴᠢᠮ ᠰᠢᠯᠵᠢᠭᠦᠯᠦᠨ ᠲᠥᠪᠬᠢᠨᠡᠭᠦᠯᠬᠦ ᠪᠠ ᠪᠠᠴᠢᠮ ᠠᠮᠢᠳᠤᠷᠠᠯ ᠤᠨ ᠠᠪᠤᠷᠠᠨ ᠲᠤᠰᠠᠯᠠᠬᠤ ᠬᠥᠮᠦᠨ ᠠᠮᠠ ᠳᠤ ᠲᠣᠬᠢᠷᠠᠭᠤᠯᠤᠯᠲᠠ ᠬᠢᠵᠦ᠂ ᠡᠬᠢᠯᠡᠭᠦᠯᠬᠦ ᠨᠥᠬᠦᠴᠡᠯ ᠢ ᠵᠣᠬᠢᠰᠲᠠᠶ ᠪᠠᠭᠤᠷᠠᠭᠤᠯᠪᠠ᠃ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠬᠦ ᠨᠥᠬᠦᠴᠡᠯ᠂ ᠡᠬᠢᠯᠡᠭᠦᠯᠬᠦ ᠲᠠᠰ ᠳᠠᠷᠠᠭᠠᠯᠠᠯ ᠵᠢᠴᠢ ᠳᠠᠭᠠᠬᠤ ᠠᠷᠭ᠎ᠠ ᠬᠡᠮᠵᠢᠶ᠎ᠡ ᠶᠢ ᠲᠣᠬᠢᠷᠠᠭᠤᠯᠤᠨ ᠲᠡᠭᠦᠯᠳᠡᠷᠵᠢᠭᠦᠯᠪᠡ᠃ ᠨᠢᠭᠡ ᠳᠤ᠂ ᠴᠤᠤᠷᠢᠶᠠᠳᠤᠨ ᠲᠠᠭᠠᠬᠤ ᠶᠢ ᠡᠬᠢᠯᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ︽ᠪᠡᠯᠡᠳᠬᠡᠯ ᠲᠥᠰᠦᠯ︾ ᠢ ᠡᠬᠢᠯᠡᠭᠦᠯᠬᠦ ᠨᠥᠬᠦᠴᠡᠯ ᠤᠨ ᠡᠮᠦᠨ᠎ᠡ ︽ᠵᠥᠪᠳᠡᠯᠴᠡᠵᠦ ᠰᠤᠳᠤᠯᠤᠨ ᠮᠠᠭᠠᠳᠯᠠᠬᠤ ᠪᠠᠷ ᠳᠡᠮᠵᠢᠨ ᠢᠯᠡᠷᠡᠵᠦ ᠮᠡᠳᠡᠬᠦ︾ ᠬᠡᠬᠦ ᠥᠭᠦᠯᠡᠯᠲᠡ ᠶᠢ ᠨᠡᠮᠡᠭᠳᠡᠭᠦᠯᠦᠭᠰᠡᠨ ᠤ ᠵᠣᠷᠢᠯᠭ᠎ᠠ ᠨᠢ ᠳᠠᠷᠤᠶ ᠡᠷᠲᠡ ᠡᠬᠢᠯᠡᠭᠦᠯᠵᠦ᠂ ᠡᠷᠲᠡ ᠴᠤᠤᠷᠢᠶᠠᠲᠤᠨ ᠳᠠᠭᠠᠵᠤ᠂ ᠡᠷᠲᠡ ᠠᠪᠤᠷᠠᠨ ᠲᠤᠰᠠᠯᠠᠬᠤ ᠶᠢ ᠪᠡᠶᠡᠯᠡᠭᠦᠯᠬᠦ ᠶᠢᠨ ᠲᠥᠯᠥᠭᠡ ᠶᠤᠮ᠃ ᠬᠤᠶᠠᠷ ᠲᠤ᠂ ᠭᠠᠮᠰᠢᠭ ᠢ ᠠᠷᠭᠠᠴᠠᠨ ᠰᠢᠢᠳᠪᠦᠷᠢᠯᠡᠬᠦ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠵᠢᠮ᠎ᠡ ᠶᠣᠰᠣ ᠪᠠ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠ ᠳᠠᠭᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠷᠢᠯᠢᠭᠵᠢᠭᠤᠯᠬᠤ ᠶᠢᠨ ᠬᠠᠮᠲᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠤᠷᠢᠶᠠᠩᠭᠤᠶᠢᠯᠠᠨ ᠲᠥᠷᠥᠯ ᠬᠤᠪᠢᠶᠠᠵᠤ᠂ ᠤᠯᠠᠭᠠᠨᠴᠠᠪ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠭᠦᠷᠭᠡ ᠴᠢᠳᠠᠪᠤᠷᠢ ᠶᠢ ᠨᠠᠩ ᠳᠣᠪᠤᠶᠢᠯᠭᠠᠵᠤ᠂ ᠡᠯ᠎ᠡ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠪᠠ ᠠᠵᠢᠯ ᠲᠥᠷᠥᠯ ᠤᠨ ᠰᠢᠯᠢᠳᠡᠭ ᠢ ᠨᠠᠩ ᠰᠠᠶᠢᠲᠤᠷ ᠪᠠᠳᠠᠷᠠᠭᠤᠯᠪᠠ᠃      ᠳᠥᠷᠪᠡ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠪᠠ᠃ ᠨᠢᠭᠡ ᠳᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ︽ᠪᠡᠯᠡᠳᠬᠡᠯ ᠲᠥᠰᠦᠯ︾ ᠳᠤ ᠰᠢᠯᠵᠢᠯᠲᠡ ᠶᠢᠨ ᠬᠤᠭᠤᠴᠠᠭᠠᠨ ᠤ ᠠᠪᠤᠷᠠᠨ ᠲᠤᠰᠠᠯᠠᠬᠤ ᠬᠥᠮᠦᠨ ᠠᠮᠠ ᠶᠢᠨ ᠬᠡᠪᠴᠢᠶ᠎ᠡ ᠶᠢ ᠥᠷᠭᠡᠳᠬᠡᠨ ᠰᠢᠨᠡᠳᠬᠡᠵᠦ᠂ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠶᠠᠷ ᠲᠤ᠂ ︽ᠪᠡᠯᠡᠳᠬᠡᠯ ᠲᠥᠰᠦᠯ︾ ᠳᠤ ᠴᠢᠬᠤᠯᠠᠴᠢᠯᠠᠭᠰᠠᠨ ᠨᠢ᠂ ᠬᠤᠳᠠᠯᠳᠤᠭᠠᠨ ᠤ ᠳᠠᠭᠠᠳᠬᠠᠯ ᠤᠨ ᠠᠵᠤ ᠠᠬᠤᠶ ᠶᠢᠨ ᠨᠥᠬᠦᠪᠥᠷᠢ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠦᠨᠳᠦ ᠭᠠᠮᠰᠢᠭ ᠤᠨ ᠳᠠᠭᠠᠳᠬᠠᠯ ᠵᠡᠷᠭᠡ ᠬᠠᠮᠢᠶ᠎ᠠ ᠪᠥᠬᠦᠶ ᠳᠠᠭᠠᠳᠬᠠᠯ ᠢ ᠬᠥᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠳᠠᠬᠢᠨ ᠪᠥᠲᠥᠭᠡᠨ ᠪᠠᠶᠢᠭᠤᠯᠬᠤ ᠪᠠᠯᠠ ᠮᠥᠩᠭᠦ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠠᠪᠤᠷᠠᠨ ᠲᠤᠰᠠᠯᠠᠬᠤ ᠬᠦᠷᠢᠶ᠎ᠡ ᠪᠠ ᠠᠷᠭ᠎ᠠ ᠵᠠᠮ ᠢ ᠥᠷᠭᠡᠳᠬᠡᠪᠡ᠃ ᠭᠤᠷᠪᠠ ᠳᠤ᠂ ︽ᠪᠡᠯᠡᠳᠬᠡᠯ ᠲᠥᠰᠦᠯ︾ ᠳᠤ ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ ᠲᠤᠰᠠᠯᠠᠯᠲᠠ᠂ ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠲᠠᠬᠢᠨ ᠪᠠᠶᠢᠭᠤᠯᠵᠤ ᠠᠪᠤᠷᠠᠨ ᠲᠤᠰᠠᠯᠠᠬᠤ᠂ ᠡᠪᠦᠯ ᠬᠠᠪᠤᠷ ᠤᠨ ᠠᠪᠤᠷᠠᠨ ᠲᠤᠰᠠᠯᠠᠬᠤ ᠵᠡᠷᠭᠡ ᠡᠯ᠎ᠡ ᠲᠦᠷᠦᠯ ᠤᠨ ᠠᠪᠤᠷᠠᠨ ᠲᠤᠰᠠᠯᠠᠬᠤ ᠠᠪᠤᠷᠠᠨ ᠲᠤᠰᠠᠯᠠᠬᠤ ᠬᠡᠪᠴᠢᠶ᠎ᠡ᠂ ᠠᠪᠤᠷᠠᠨ ᠲᠤᠰᠠᠯᠠᠬᠤ ᠲᠡᠰ ᠳᠠᠷᠠᠭᠠᠯᠠᠯ᠂ ᠠᠪᠤᠷᠠᠨ ᠲᠤᠰᠠᠯᠠᠬᠤ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠵᠤ᠂ ᠡᠯ᠎ᠡ ᠲᠦᠷᠦᠯ ᠤᠨ ᠠᠪᠤᠷᠠᠨ ᠲᠤᠰᠠᠯᠠᠬᠤ ᠲᠡᠰ ᠳᠠᠷᠠᠭᠠᠯᠠᠯ ᠪᠠ ᠱᠠᠭᠠᠷᠳᠠᠯᠭ᠎ᠠ ᠶᠢ ᠤᠯᠠᠮ ᠴᠢᠨᠠᠭᠰᠢᠳᠠ ᠵᠢᠷᠤᠮᠵᠢᠭᠤᠯᠤᠨ᠎ᠠ᠃ ᠳᠥᠷᠪᠡ ᠳᠤ᠂ ︽ᠪᠡᠯᠡᠳᠬᠡᠯ ᠲᠥᠰᠦᠯ︾ ᠳᠤ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠ ᠦᠷ᠎ᠡ ᠳ᠋ᠦᠩ ᠢ ᠵᠠᠷᠯᠠᠨ ᠮᠡᠳᠡᠭᠳᠡᠬᠦ ᠶᠢ ᠴᠢᠬᠤᠯᠠᠴᠢᠯᠠᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ ᠲᠣᠳᠣᠷᠬᠠᠶᠢᠯᠠᠨ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠠᠪᠤᠷᠠᠨ ᠲᠤᠰᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠦᠵᠡᠵᠦ ᠪᠠᠶᠢᠭᠠᠳ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠪᠠ᠃ ᠬᠡᠷᠪᠡ ᠪᠡᠯᠡ ᠮᠥᠩᠭᠦ ᠶᠢᠨ ᠪᠠᠲᠤᠯᠠᠭ᠎ᠠ ᠶᠢᠨ ᠲᠠᠯ᠎ᠠ ᠪᠠᠷ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠥᠭᠬᠦ ᠲᠣᠭᠲᠠᠴᠠ ᠪᠠ ᠤᠷᠢᠳᠴᠢᠯᠠᠨ ᠰᠠᠯᠭᠠᠨ ᠥᠭᠴᠦ ᠢᠯᠭᠠᠷᠠᠭᠤᠯᠤᠨ ᠪᠣᠳᠣᠬᠤ ᠲᠣᠭᠲᠠᠴᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠳᠤᠷᠠᠳᠤᠨ ᠭᠠᠷᠭᠠᠵᠠᠢ︔ ᠡᠳ᠋ ᠪᠣᠳᠠᠰ ᠤᠨ ᠪᠠᠲᠤᠯᠠᠭ᠎ᠠ ᠶᠢᠨ ᠲᠠᠯ᠎ᠠ ᠪᠠᠷ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠪᠠ ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠨᠥᠭᠡᠴᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠲᠤᠰ ᠵᠠᠰᠠᠭ ᠵᠠᠬᠢᠷᠭᠠᠨ ᠤ ᠣᠷᠣᠨ ᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠪᠠ ᠲᠡᠭᠡᠭᠡᠪᠦᠷᠢ ᠶᠢᠨ ᠳᠦᠷᠢᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠤᠷ᠎ᠠ ᠲᠥᠪᠯᠡᠷᠡᠭᠦᠯᠦᠨ ᠦᠢᠯᠡᠳᠪᠦᠷᠢᠯᠡᠵᠦ ᠲᠣᠬᠢᠷᠠᠭᠤᠯᠬᠤ ᠪᠠ ᠪᠠᠴᠢᠮ ᠬᠤᠳᠠᠯᠳᠤᠨ ᠠᠪᠴᠤ ᠬᠠᠩᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ︔ ᠴᠢᠮᠡᠭᠡ ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ ᠶᠢᠨ ᠲᠠᠯ᠎ᠠ ᠪᠠᠷ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠶᠢ ᠤᠷᠢᠳᠴᠢᠯᠠᠨ ᠲᠣᠬᠢᠷᠠᠭᠤᠯᠬᠤ ᠶᠢ ᠴᠢᠩᠭᠠᠳᠬᠠᠵᠤ᠂ ᠭᠠᠮᠰᠢᠭᠳᠠᠭᠰᠠᠨ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭ᠎ᠠ ᠪᠠ ᠲᠣᠨᠤᠭ ᠲᠥᠬᠦᠭᠡᠷᠦᠮᠵᠢ ᠶᠢᠨ ᠪᠠᠲᠤᠯᠠᠭ᠎ᠠ ᠶᠢᠨ ᠲᠠᠯ᠎ᠠ ᠪᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠦᠨᠳᠦᠰᠦᠨ ᠱᠠᠲᠤᠨ ᠤ ᠭᠠᠮᠰᠢᠭ ᠠᠴᠠ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠲᠣᠬᠢᠷᠠᠭᠤᠯᠬᠤ ᠶᠢ ᠴᠢᠩᠭᠠᠳᠬᠠᠬᠤ᠂ ᠦᠨᠳᠦᠰᠦᠨ ᠱᠠᠲᠤᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠪᠠ᠃    ︽ᠪᠡᠯᠡᠳᠬᠡᠯ ᠲᠥᠰᠦᠯ︾ ᠢ ᠬᠡᠷᠡᠭᠵᠢᠭᠦᠯᠬᠦ ᠶᠠᠪᠤᠴᠠ ᠳᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠪᠣᠳᠠᠲᠤ ᠪᠠᠶᠢᠳᠠᠯ ᠢᠶᠠᠨ ᠦᠨᠳᠦᠰᠦᠯᠡᠨ ︽ᠪᠡᠯᠡᠳᠬᠡᠯ ᠲᠥᠰᠦᠯ︾ ᠤᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠤᠨ ᠭᠠᠷ ᠳᠡᠪᠲᠡᠷ᠂ ᠠᠵᠢᠯᠯᠠᠭᠠᠨ ᠤ ᠲᠥᠰᠦᠯ ᠵᠡᠷᠭᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ︽ᠪᠡᠯᠡᠳᠬᠡᠯ ᠲᠥᠰᠦᠯ︾ ᠢ ᠦᠨᠳᠦᠰᠦᠯᠡᠨ ᠲᠣᠰ ᠱᠠᠲᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠬᠡᠷᠡᠭᠲᠡᠶ᠃ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠢᠯᠣᠭᠤᠳᠤᠨ ᠪᠠᠶᠢᠴᠠᠭᠠᠬᠤ ᠪᠠᠨ ᠴᠢᠩᠭᠠᠳᠬᠠᠵᠤ᠂ ᠪᠡᠯᠡᠳᠬᠡᠯ ᠲᠥᠰᠦᠯ ᠢᠶᠠᠨ ᠬᠥᠳᠡᠯᠦᠩᠭᠦᠶ ᠪᠠᠷ ᠲᠡᠭᠦᠯᠳᠡᠷᠵᠢᠭᠦᠯᠬᠦ ᠶᠢ ᠰᠢᠮᠳᠠᠭᠤᠯᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠠᠮᠵᠢᠯᠴᠠᠭᠰᠠᠨ᠂ ᠡᠮᠬᠢ ᠵᠢᠷᠤᠮ ᠲᠠᠢ ᠵᠣᠯᠭᠠᠭᠤᠯᠤᠭᠰᠠᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2