2024 ᠣᠨ ᠤ 7 ᠰᠠᠷ᠎ᠠ ᠳᠤ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ︽ᠤᠯᠠᠭᠠᠨᠴᠠᠪ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ︵ᠳᠣᠷᠣᠭᠰᠢ ︽ᠪᠠᠴᠢᠮ | ᠪᠠᠶᠢᠳᠠᠯ ᠢ ᠠᠷᠭᠠᠴᠠᠬᠤ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠦᠨᠳᠦ ᠪᠣᠬᠢᠷᠲᠤᠯ ᠲᠠᠢ | ᠴᠠᠭ ᠠᠭᠤᠷ ᠢ ᠠᠷᠭᠠᠴᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ | ᠨᠢᠭᠡ᠂ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠪᠠᠶᠢᠳᠠᠯ | ᠤᠯᠠᠭᠠᠨᠴᠠᠪ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ | ᠪᠠᠶᠢᠳᠠᠯ ᠢ ᠠᠷᠭᠠᠴᠠᠬᠤ ᠴᠤᠤᠷᠢᠶᠠᠳᠣᠨ ᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠷᠢᠳᠴᠢᠯᠠᠨ ᠰᠡᠷᠭᠡᠶᠢᠯᠡᠬᠦ᠂ | ᠤᠷᠢᠳᠴᠢᠯᠠᠨ ᠰᠡᠷᠡᠮᠵᠢᠯᠡᠭᠦᠯᠬᠦ᠂ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠪᠣᠬᠢᠷᠲᠤᠯ ᠲᠠᠢ ᠴᠠᠭ | ᠠᠭᠤᠷ ᠢ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ | ᠪᠠ ᠨᠡᠶᠢᠭᠡᠮ ᠤᠨ ᠲᠣᠭᠲᠠᠭᠤᠨ ᠢ ᠪᠠᠲᠤᠯᠠᠬᠤ ᠶᠢᠨ ᠲᠤᠰᠠᠳᠠ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ︽ | ᠤᠯᠠᠭᠠᠨᠴᠠᠪ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ | ᠳᠤ ᠵᠠᠰᠠᠪᠤᠷᠢ ᠣᠷᠣᠭᠤᠯᠪᠠ᠃ | ᠬᠤᠶᠠᠷ᠂ ᠵᠠᠰᠠᠪᠤᠷᠢ ᠣᠷᠣᠭᠤᠯᠤᠭᠰᠠᠨ ᠦᠨᠳᠦᠰᠦᠯᠡᠯ | 2024 ᠣᠨ ᠤ 2 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠲᠢᠩᠬᠢᠮ ︽︿ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠲᠣᠭᠲᠠᠴᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠲᠤᠬᠠᠶ ᠵᠢᠯᠣᠭᠤᠳᠬᠤ ᠰᠠᠨᠠᠯ﹀ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠥᠪᠥᠷ ᠣᠷᠴᠢᠨ ᠠᠯᠪᠠᠨ ﹇2020﹈ 25 ᠳ᠋ᠤᠭᠠᠷ ᠲᠣᠭᠠᠲᠤ︶ ᠢ | ᠳᠠᠷᠤᠮᠠᠯᠯᠠᠨ ᠲᠠᠷᠬᠠᠭᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠦᠷᠢᠮ ᠢ | ᠰᠢᠯᠢᠳᠡᠭᠵᠢᠭᠦᠯᠬᠦ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠵᠢᠷᠤᠮᠵᠢᠭᠤᠯᠬᠤ᠂ ᠣᠷᠣᠨ | ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠬᠤ ᠵᠡᠷᠭᠡ | ᠱᠠᠭᠠᠷᠳᠠᠯᠭ᠎ᠠ ᠶᠢ ᠳᠤᠷᠠᠳᠪᠠ᠃ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ | ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠤᠯᠠᠭᠠᠨᠴᠠᠪ ᠬᠤᠲᠠ ᠶᠢᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠳᠠᠬᠢᠨ ᠵᠠᠰᠠᠪᠤᠷᠢ ᠣᠷᠣᠭᠤᠯᠪᠠ᠃ | ᠭᠤᠷᠪᠠ᠂ ᠭᠤᠣᠯ ᠠᠭᠤᠯᠭ᠎ᠠ | ︽ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠨᠠᠢᠮᠠᠨ ᠬᠡᠰᠡᠭ ᠪᠠᠭᠲᠠᠨ᠎ᠠ᠃ | ︵ᠨᠢᠭᠡ︶ ᠶᠡᠷᠦᠩᠬᠡᠢ ᠳᠦᠷᠢᠮ᠃ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠦᠨᠳᠦᠰᠦᠨ ᠵᠠᠷᠴᠢᠮ᠂ | ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠲᠤᠰᠢᠶᠠᠯ ᠬᠠᠷᠢᠭᠤᠴᠠᠯᠭ᠎ᠠ᠃ ᠬᠤᠲᠠ ᠶᠢᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠵᠢᠴᠢ ᠲᠤᠰ ᠠᠯᠪᠠᠨ ᠭᠡᠷ ᠤᠨ ᠪᠦᠷᠢᠯᠳᠦᠭᠦᠨ᠂ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ | ᠪᠦᠷᠢᠯᠳᠦᠬᠦᠨ ᠨᠢᠭᠡᠴᠢ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠡ᠃ | ︵ᠭᠤᠷᠪᠠ︶ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠃ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ | ᠵᠥᠪᠳᠡᠯᠴᠡᠬᠦ᠂ ᠤᠷᠢᠳᠴᠢᠯᠠᠨ ᠰᠡᠷᠡᠮᠵᠢᠯᠡᠭᠦᠯᠬᠦ ᠶᠢ ᠲᠠᠰ ᠬᠤᠪᠢᠶᠠᠬᠤ᠂ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ᠂ | ᠤᠷᠢᠳᠴᠢᠯᠠᠨ ᠰᠡᠷᠡᠮᠵᠢᠯᠡᠭᠦᠯᠬᠦ ᠲᠠᠰ ᠲᠤ ᠲᠣᠬᠢᠷᠠᠭᠤᠯᠤᠯᠲᠠ ᠬᠢᠬᠦ ᠪᠠ ᠬᠦᠴᠦᠨ ᠥᠬᠡᠶ ᠪᠣᠯᠭᠠᠬᠤ᠂ ᠤᠷᠢᠳᠴᠢᠯᠠᠨ | ᠰᠡᠷᠡᠮᠵᠢᠯᠡᠭᠦᠯᠬᠦ ᠶᠢ ᠬᠢᠨᠠᠨ ᠵᠥᠪᠰᠢᠶᠡᠷᠡᠬᠦ ᠳᠤ ᠬᠠᠮᠢᠶ᠎ᠠ ᠪᠥᠬᠦᠶ ᠲᠣᠭᠲᠠᠭᠠᠯ ᠭᠠᠷᠭᠠᠪᠠ᠃ | ︵ᠲᠦᠷᠪᠡ︶ ᠪᠠᠴᠢᠮ ᠪᠠᠶᠢᠳᠠᠯ ᠢ ᠠᠷᠭᠠᠴᠠᠬᠤ᠃ ᠪᠠᠴᠢᠮ ᠪᠠᠶᠢᠳᠠᠯ ᠢ ᠠᠷᠭᠠᠴᠠᠬᠤ ᠳᠤ ᠲᠠᠰ ᠬᠤᠪᠢᠶᠠᠬᠤ᠂ | ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ᠂ ᠪᠠᠴᠢᠮ | ᠪᠠᠶᠢᠳᠠᠯ ᠢ ᠠᠷᠭᠠᠴᠠᠬᠤ ᠳᠤ ᠬᠤᠯᠪᠣᠭᠠᠯᠠᠨ ᠬᠥᠳᠡᠯᠦᠯᠴᠡᠬᠦ᠂ ᠮᠡᠳᠡᠭᠡ ᠵᠠᠩᠭᠢ ᠶᠢ ᠢᠯᠡ ᠪᠣᠯᠭᠠᠬᠤ᠂ ᠪᠠᠴᠢᠮ | ᠪᠠᠶᠢᠳᠠᠯ ᠢ ᠠᠷᠭᠠᠴᠠᠬᠤ ᠶᠢ ᠵᠤᠭᠰᠤᠭᠠᠬᠤ᠂ ᠳ᠋ᠦᠩᠨᠡᠨ ᠦᠨᠡᠯᠡᠨ ᠵᠢᠱᠢᠬᠦ ᠶᠢ ᠲᠣᠳᠣᠷᠬᠠᠶ ᠲᠣᠭᠲᠠᠭᠠᠵᠤ᠂ | ᠤᠷᠢᠳᠴᠢᠯᠠᠨ ᠰᠡᠷᠡᠮᠵᠢᠯᠡᠭᠦᠯᠬᠦ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠳᠤ ᠶᠡᠷᠦᠩᠬᠡᠶ ᠱᠠᠭᠠᠷᠳᠠᠯᠭ᠎ᠠ | ᠳᠤᠷᠠᠳᠤᠭᠰᠠᠨ ᠪᠥᠭᠡᠳ ᠲᠠᠰ ᠬᠤᠪᠢᠶᠠᠨ ᠠᠵᠢᠯᠯᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠪᠠ᠃ | ︵ᠲᠠᠪᠤ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ᠂ ᠠᠶᠤᠯ ᠦᠭᠡᠶ ᠦᠢᠯᠡᠳᠪᠦᠷᠢᠯᠡᠯ᠂ ᠴᠢᠳᠠᠪᠤᠷᠢ ᠶᠢᠨ | ᠪᠠᠶᠢᠭᠤᠯᠤᠯᠲᠠ᠂ ᠵᠠᠷᠤᠳᠠᠯ ᠤᠨ ᠣᠷᠣᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ ᠵᠢᠵᠢᠭᠦᠷᠯᠡᠨ ᠰᠠᠬᠢᠬᠤ | ᠪᠠᠲᠤᠯᠠᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠪᠡ᠃ | ︵ᠵᠢᠷᠭᠤᠭ᠎ᠠ︶ ᠪᠡᠯᠡᠳᠭᠡᠯ ᠲᠥᠰᠦᠯ ᠤᠨ ᠬᠠᠮᠢᠶᠠᠷᠤᠯᠲᠠ᠃ ᠪᠡᠯᠡᠳᠬᠡᠯ ᠲᠥᠰᠦᠯ ᠢ ᠤᠬᠠᠭᠤᠯᠤᠨ ᠬᠥᠲᠥᠯᠦᠨ | ᠵᠢᠯᠣᠭᠤᠳᠬᠤ᠂ ᠪᠡᠯᠡᠳᠬᠡᠯ ᠲᠥᠰᠦᠯ ᠢ ᠪᠣᠯᠪᠠᠰᠤᠷᠠᠭᠤᠯᠬᠤ᠂ ᠪᠡᠯᠡᠳᠬᠡᠯ ᠲᠥᠰᠦᠯ ᠢ ᠳᠠᠩᠰᠠᠯᠠᠬᠤ᠂ ᠪᠡᠯᠡᠳᠬᠡᠯ | ᠲᠥᠰᠦᠯ ᠳᠤ ᠵᠠᠰᠠᠪᠤᠷᠢ ᠣᠷᠣᠭᠤᠯᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ︵ᠳᠤᠯᠤᠭ᠎ᠠ︶ ᠬᠠᠷᠢᠭᠤᠴᠠᠯᠭ᠎ᠠ ᠨᠡᠬᠡᠮᠵᠢᠯᠡᠬᠦ᠃ ᠬᠦᠨᠳᠦ ᠪᠣᠬᠢᠷᠲᠤᠯ ᠲᠠᠢ ᠴᠠᠭ ᠠᠭᠤᠷ ᠤᠨ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠲᠣᠳᠣᠷᠬᠠᠶᠢᠯᠠᠪᠠ᠃ | ︵ᠨᠠᠢᠮᠠ︶ ᠳᠠᠭᠠᠯᠳᠤᠭᠤᠯᠤᠭᠰᠠᠨ ᠳᠦᠷᠢᠮ᠃ ᠲᠥᠰᠥᠯ ᠬᠡᠷᠡᠭᠵᠢᠭᠦᠯᠬᠦ ᠴᠠᠭ ᠬᠤᠭᠤᠴᠠᠭᠠᠨ ᠤ ᠲᠤᠬᠠᠢ | ᠲᠣᠳᠣᠷᠬᠠᠶᠢᠯᠠᠯᠲᠠ ᠬᠢᠪᠡ᠃ | ᠳᠥᠷᠪᠡ᠂ ᠵᠠᠰᠠᠪᠤᠷᠢ ᠣᠷᠣᠭᠤᠯᠤᠭᠰᠠᠨ ᠠᠭᠤᠯᠭ᠎ᠠ | ︵ᠨᠢᠭᠡ︶ ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ᠃ ᠲᠣᠰ | ᠤᠳᠠᠭ᠎ᠠ ᠵᠠᠰᠠᠪᠤᠷᠢ ᠣᠷᠣᠭᠤᠯᠬᠤ ᠳᠠᠭᠠᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ᠳᠡᠭᠡᠭᠰᠢᠯᠡᠭᠦᠯᠪᠡ᠃ | ᠰᠢᠷ᠎ᠠ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ᠄ ︽ᠲᠥᠰᠦᠭᠡᠯᠡᠭᠰᠡᠨ AQI ᠡᠳᠦᠷ ᠤᠨ | ᠳᠤᠮᠳᠠᠴᠢ ᠬᠡᠮᠵᠢᠭᠳᠡᠯ> 200 ᠪᠤᠯᠬᠤ ᠬᠤᠭᠤᠴᠠᠭ᠎ᠠ ᠨᠢ ᠬᠤᠶᠠᠷ ᠡᠳᠦᠷ ︵48 ᠴᠠᠭ︶ ᠠᠴᠠ ᠳᠡᠭᠡᠭᠰᠢ | ᠦᠷᠭᠦᠯᠵᠢᠯᠡᠬᠦ ᠮᠥᠷᠲᠡᠭᠡᠨ ᠣᠬᠤᠷᠬᠠᠨ ᠬᠤᠭᠤᠴᠠᠭᠠᠨ ᠳᠤ ᠬᠦᠨᠳᠦ ᠪᠣᠬᠢᠷᠲᠤᠯ ᠭᠠᠷᠴᠤ᠂ ᠳᠡᠭᠡᠳᠦ ᠲᠠᠰ ᠤᠨ | ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠥᠯᠥ ᠬᠦᠷᠬᠦ ᠦᠶᠡᠰ︾ ᠭᠡᠳᠡᠭ ᠢ ︽ᠲᠥᠰᠦᠭᠡᠯᠡᠭᠰᠡᠨ ᠡᠳᠦᠷ ᠤᠨ | AQI > 200 ᠪᠤᠶᠤ ᠡᠳᠦᠷ ᠤᠨ AQI > 150 ᠪᠤᠯᠬᠤ ᠬᠤᠭᠤᠴᠠᠭ᠎ᠠ ᠨᠢ 48 ᠴᠠᠭ ᠠᠴᠠ ᠳᠡᠭᠡᠭᠰᠢ | ᠦᠷᠭᠦᠯᠵᠢᠯᠡᠬᠦ ᠪᠥᠭᠡᠳ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠭᠦᠷᠦᠭᠰᠡᠨ ᠥᠬᠡᠶ︾ | ᠭᠡᠵᠦ ᠳᠣᠭᠢᠷᠠᠭᠤᠯᠪᠠ᠃ | ᠤᠯᠠᠪᠤᠷ ᠥᠩᠭᠡ ᠶᠢᠨ ᠤᠷᠢᠳᠴᠢᠯᠠᠨ ᠰᠡᠷᠡᠮᠵᠢᠯᠡᠬᠦᠯᠬᠦ ᠪᠠᠷᠢᠮᠵᠢᠶ᠎ᠠ᠄ ︽ᠲᠥᠰᠦᠭᠡᠯᠡᠭᠰᠡᠨ AQI ᠡᠳᠦᠷ ᠤᠨ | ᠳᠤᠮᠳᠠᠴᠢ ᠬᠡᠮᠵᠢᠭᠳᠡᠯ > 200 ᠪᠤᠯᠬᠤ ᠬᠤᠭᠤᠴᠠᠭ᠎ᠠ ᠨᠢ 3 ᠡᠳᠦᠷ ︵72 ᠴᠠᠭ︶ ᠠᠴᠠ ᠳᠡᠭᠡᠭᠰᠢ | ᠦᠷᠭᠦᠯᠵᠢᠯᠡᠬᠦ ᠮᠥᠷᠲᠡᠭᠡᠨ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠥᠯᠥ ᠬᠦᠷᠬᠦ ᠦᠶᠡᠰ︾ | ᠬᠡᠳᠡᠭ ᠢ ︽ᠲᠥᠰᠦᠭᠡᠯᠡᠭᠰᠡᠨ ᠡᠳᠦᠷ ᠤᠨ AQI > 200 ᠪᠤᠯᠬᠤ ᠬᠤᠭᠤᠴᠠᠭ᠎ᠠ ᠨᠢ 48 ᠴᠠᠭ ᠪᠤᠶᠤ | ᠡᠳᠦᠷ ᠤᠨ AQI > 150 ᠪᠤᠯᠬᠤ ᠬᠤᠭᠤᠴᠠᠭ᠎ᠠ ᠨᠢ 72 ᠴᠠᠭ ᠠᠴᠠ ᠳᠡᠭᠡᠭᠰᠢ ᠦᠷᠭᠦᠯᠵᠢᠯᠡᠬᠦ ᠪᠥᠭᠡᠳ ᠳᠡᠭᠡᠳᠦ | ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠥᠯᠥ ᠬᠦᠷᠬᠦ ᠦᠶᠡᠰ︾ ᠭᠡᠵᠦ ᠳᠣᠭᠢᠷᠠᠭᠤᠯᠪᠠ᠃ | ᠤᠯᠠᠭᠠᠨ ᠥᠩᠭᠡ ᠶᠢᠨ ᠤᠷᠢᠳᠴᠢᠯᠠᠨ ᠰᠡᠷᠡᠮᠵᠢᠯᠡᠬᠦᠯᠬᠦ ᠪᠠᠷᠢᠮᠵᠢᠶ᠎ᠠ᠄ ︽ᠲᠥᠰᠦᠭᠡᠯᠡᠬᠦ AQI ᠡᠳᠦᠷ ᠤᠨ | ᠳᠤᠮᠳᠠᠴᠢ ᠬᠡᠮᠵᠢᠭᠳᠡᠯ > 200 ᠪᠤᠯᠬᠤ ᠬᠤᠭᠤᠴᠠᠭ᠎ᠠ ᠨᠢ 4 ᠡᠳᠦᠷ ︵96 ᠴᠠᠭ︶ ᠠᠴᠠ ᠳᠡᠭᠡᠭᠰᠢ | ᠦᠷᠭᠦᠯᠵᠢᠯᠡᠬᠦ ᠮᠥᠷᠲᠡᠭᠡᠨ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ ᠨᠢ 2 ᠡᠳᠦᠷ ︵48 ᠴᠠᠭ︶ | ᠠᠴᠠ ᠳᠡᠭᠡᠭᠰᠢ ᠦᠷᠭᠦᠯᠵᠢᠯᠡᠨ᠎ᠡ︔ ᠡᠰᠡᠬᠦᠯ᠎ᠡ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ ᠨᠢ 500 | ᠪᠣᠯᠤᠨ᠎ᠠ︾ ᠭᠡᠳᠡᠭ ᠢ ︽ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ > 200 ᠪᠤᠯᠬᠤ | ᠬᠤᠭᠤᠴᠠᠭ᠎ᠠ ᠨᠢ 72 ᠴᠠᠭ ᠦᠷᠭᠦᠯᠵᠢᠯᠡᠬᠦ ᠮᠦᠷᠳᠡᠭᠡᠨ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ > | 300 ᠪᠤᠯᠬᠤ ᠬᠤᠭᠤᠴᠠᠭ᠎ᠠ ᠨᠢ 24 ᠴᠠᠭ ᠦᠷᠭᠦᠯᠵᠢᠯᠡᠨ᠎ᠡ︾ ᠭᠡᠵᠦ ᠲᠣᠬᠢᠷᠠᠭᠤᠯᠤᠯᠲᠠ ᠬᠢᠪᠡ᠃ | ᠡᠭᠦᠨ ᠤ ᠬᠠᠮᠲᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ 24 ᠴᠠᠭ ᠤᠨ ᠡᠮᠦᠨ᠎ᠡ ᠨᠡᠶᠢᠲᠡᠯᠡᠬᠦ ᠶᠢ 48 ᠴᠠᠭ | ᠪᠣᠯᠭᠠᠨ ᠲᠣᠬᠢᠷᠠᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ | ᠡᠬᠢᠯᠡᠭᠦᠯᠬᠦ ᠳᠤ ᠭᠦᠢᠴᠡᠳ ᠪᠡᠯᠡᠳᠬᠡᠯ ᠴᠠᠭ ᠬᠠᠩᠭᠠᠵᠤ᠂ ᠬᠦᠨᠳᠦ ᠪᠣᠬᠢᠷᠲᠤᠯ ᠲᠠᠢ ᠶᠠᠪᠤᠴᠠ ᠬᠦᠷᠴᠦ ᠢᠷᠡᠬᠦ ᠠᠴᠠ | ᠡᠮᠦᠨ᠎ᠡ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ | ︵ᠬᠤᠶᠠᠷ︶ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠵᠦ | ᠤᠷᠢᠳᠴᠢᠯᠠᠨ ᠰᠡᠷᠡᠮᠵᠢᠯᠡᠭᠦᠯᠵᠦ ᠬᠢᠨᠠᠨ ᠵᠥᠪᠰᠢᠶᠡᠷᠡᠬᠦ ᠴᠤᠪᠤᠷᠠᠯ ᠢ ᠲᠡᠭᠦᠯᠳᠡᠷᠵᠢᠭᠦᠯᠦᠨ᠎ᠡ | ︽ᠵᠢᠯᠣᠭᠤᠳᠬᠤ ᠰᠠᠨᠠᠯ︾ ᠳᠠᠬᠢ ︽ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠬᠤ︾ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ | ᠦᠨᠳᠦᠰᠦᠯᠡᠨ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠵᠥᠪᠰᠢᠶᠡᠷᠡᠬᠦ ᠳᠤ ︽ᠪᠠᠴᠢᠮ ᠪᠠᠶᠢᠳᠠᠯ ᠢ ᠠᠷᠭᠠᠴᠠᠬᠤ ᠶᠢᠨ | ᠬᠤᠯᠪᠣᠭᠠᠯᠠᠨ ᠬᠥᠳᠡᠯᠦᠯᠴᠡᠵᠦ ᠬᠢᠨᠠᠨ ᠵᠥᠪᠰᠢᠶᠡᠷᠡᠬᠦ︾ ᠶᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠶ ᠣᠷᠴᠢᠨ ᠲᠣᠭᠤᠷᠢᠨ ᠤ ᠲᠢᠩᠬᠢᠮ ᠪᠤᠶᠤ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠨᠢᠭᠡᠨᠲᠡ ᠪᠠᠶᠢᠭᠤᠯᠤᠭᠰᠠᠨ ᠬᠤᠲᠠ ᠨᠤᠭᠤᠳ ᠲᠤ ᠵᠣᠯᠭᠠᠭᠤᠯᠵᠤ ᠪᠠᠴᠢᠮ ᠪᠠᠶᠢᠳᠠᠯ ᠢ ᠠᠷᠭᠠᠴᠠᠬᠤ ᠶᠢᠨ | ᠬᠤᠯᠪᠣᠭᠠᠯᠠᠨ ᠬᠥᠳᠡᠯᠦᠯᠴᠡᠬᠦ ᠱᠠᠭᠠᠷᠳᠠᠯᠭ᠎ᠠ ᠶᠢ ᠨᠡᠶᠢᠲᠡᠯᠡᠭᠰᠡᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠬᠤ ᠶᠢᠨ | ᠬᠤᠯᠪᠣᠭᠠᠯᠠᠨ ᠬᠥᠳᠡᠯᠦᠯᠴᠡᠵᠦ ᠤᠷᠢᠳᠴᠢᠯᠠᠨ ᠰᠡᠷᠡᠮᠵᠢᠯᠡᠭᠦᠯᠬᠦ ᠪᠠ ᠴᠤᠤᠷᠢᠶᠠᠲᠤᠨ ᠳᠠᠭᠠᠬᠤ ᠶᠢ ᠬᠦᠴᠦᠨ ᠥᠬᠡᠶ | ᠪᠣᠯᠭᠠᠬᠤ ᠵᠡᠷᠭᠡ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠴᠤᠪᠤᠷᠠᠯ ᠢ ᠲᠡᠭᠦᠯᠳᠡᠷᠵᠢᠭᠦᠯᠪᠡ᠃ ᠬᠤᠲᠠ ᠶᠢᠨ ᠠᠷᠠᠳ ᠤᠨ | ᠵᠠᠰᠠᠭ ᠤᠨ ᠣᠷᠳᠣᠨ ᠰᠡᠷᠡᠮᠵᠢᠯᠡᠭᠦᠯᠬᠦ ᠲᠠᠰ ᠤᠨ ᠱᠠᠭᠠᠷᠳᠠᠯᠭ᠎ᠠ ᠶᠣᠰᠣᠭᠠᠷ᠂ ᠵᠣᠬᠢᠴᠠᠩᠭᠤᠶ ᠲᠠᠰ ᠤᠨ ᠪᠠᠴᠢᠮ | ᠪᠠᠶᠢᠳᠠᠯ ᠢ ᠠᠷᠭᠠᠴᠠᠬᠤ ᠠᠵᠢᠯ ᠢ ᠡᠬᠢᠯᠡᠭᠦᠯᠵᠦ᠂ ᠲᠣᠬᠢᠷᠠᠭᠤᠯᠵᠤ᠂ ᠬᠦᠴᠦᠨ ᠥᠬᠡᠶ ᠪᠣᠯᠭᠠᠨ᠎ᠠ᠃ | ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠵᠢᠷᠤᠮᠵᠢᠭᠤᠯᠪᠠ | 1. ᠣᠽᠣᠨ ᠠᠴᠠ ᠪᠣᠯᠤᠭᠰᠠᠨ ᠠᠭᠠᠷ ᠤᠨ ᠬᠦᠨᠳᠦ ᠪᠣᠬᠢᠷᠲᠤᠯ ᠳᠤ᠂ ᠠᠮᠢ ᠠᠬᠤᠶ ᠣᠷᠴᠢᠨ ᠲᠣᠭᠤᠷᠢᠨ ᠤ | ᠰᠠᠯᠠᠭ᠎ᠠ ᠮᠥᠴᠢᠷ ᠴᠠᠭ ᠲᠤᠬᠠᠶ ᠳᠤᠨᠢ ᠨᠡᠶᠢᠭᠡᠮ ᠳᠤ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠰᠠᠨᠠᠭᠤᠯᠤᠮᠵᠢ | ᠨᠡᠶᠢᠲᠡᠯᠡᠬᠦ ᠶᠢᠨ ᠬᠠᠮᠲᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠪᠣᠯᠤᠨ ᠠᠽᠣᠲ ᠤᠨ ᠢᠰᠦᠮᠡᠭ | ︵NOx︶ ᠤᠨ ᠭᠠᠳᠠᠭᠰᠢᠯᠠᠭᠤᠯᠬᠤ ᠡᠬᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | 2. ᠵᠦᠷᠢᠶᠡᠴᠢᠯᠡᠭᠰᠡᠨ ᠲᠠᠰ ᠬᠤᠪᠢᠶᠠᠬᠤ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠥᠬᠦᠪᠥᠷᠢᠯᠡᠵᠦ᠂ ︽ | ᠵᠦᠷᠢᠶᠡᠴᠢᠯᠡᠭᠰᠡᠨ ᠲᠠᠰ ᠬᠤᠪᠢᠶᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ A ᠲᠡᠰ ᠤᠨ ᠪᠠᠷᠢᠮᠵᠢᠶ᠎ᠠ ᠳᠤ ᠬᠦᠷᠦᠭᠰᠡᠨ | ᠠᠵᠤ ᠠᠬᠤᠶᠢᠯᠠᠯ ᠳᠤ ᠵᠠᠷᠴᠢᠮ ᠳᠡᠭᠡᠷ᠎ᠡ ᠪᠠᠨ ᠦᠢᠯᠡᠳᠪᠦᠷᠢᠯᠡᠯ ᠢ ᠵᠣᠭᠰᠣᠭᠠᠬᠤ ᠪᠤᠶᠤ ᠦᠢᠯᠡᠳᠪᠦᠷᠢᠯᠡᠯ ᠢ | ᠬᠢᠵᠠᠭᠠᠷᠯᠠᠬᠤ ᠠᠷᠭ᠎ᠠ ᠬᠡᠮᠵᠢᠶ᠎ᠡ ᠶᠢ ᠠᠯᠪᠠᠳᠠᠯᠭ᠎ᠠ ᠪᠠᠷ ᠬᠡᠷᠡᠭᠵᠢᠭᠦᠯᠬᠦ ᠦᠭᠡᠢ︔ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ B ᠲᠡᠰ ᠤᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠳᠤ | ᠦᠢᠯᠡᠳᠪᠦᠷᠢᠯᠡᠯ ᠢ ᠵᠣᠭᠰᠣᠭᠠᠬᠤ ᠪᠤᠶᠤ ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢ ᠪᠠᠭᠠᠰᠬᠠᠬᠤ | ᠬᠡᠷᠡᠭᠲᠡᠢ︔ ᠪᠣᠬᠢᠷᠲᠤᠯ ᠢ ᠵᠠᠰᠠᠬᠤ ᠬᠢᠷᠢ ᠬᠡᠮᠵᠢᠶ᠎ᠡ ᠪᠠᠷ ᠳᠣᠤᠷ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ | ᠦᠢᠯᠡᠳᠪᠦᠷᠢᠯᠡᠯ ᠢᠶᠠᠨ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠶᠢᠨ ᠡᠷᠴᠢᠮ ᠢ | ᠴᠢᠩᠭᠠᠷᠠᠭᠤᠯᠵᠤ᠂ ᠪᠣᠬᠢᠷᠲᠤᠯ ᠢ ᠵᠠᠰᠠᠬᠤ ᠴᠢᠳᠠᠪᠤᠷᠢ ᠲᠠᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ | ᠠᠭᠤᠷ ᠡᠭᠦᠰᠬᠦ ᠦᠶ᠎ᠡ ᠳᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠠᠪᠬᠤ ᠶᠢ ᠵᠣᠷᠢᠭᠵᠢᠭᠤᠯᠤᠨ᠎ᠠ᠃ | | | | | |