ᠱᠠᠩᠳᠤ ᠰᠢᠶᠠᠨ᠄ ︽ᠳᠤᠯᠠᠭᠠᠯᠠᠬᠤ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ᠬᠤᠭᠤᠯᠠᠶ ᠶᠢᠨ ᠲᠣᠤᠷ ᠢ ᠥᠭᠡᠷᠡᠴᠢᠯᠡᠬᠦ ᠲᠥᠷᠥᠯ ᠵᠦᠢᠯ ᠤᠨ ᠡᠭᠦᠷᠭᠡ ᠶᠢᠨ ᠬᠡᠮᠵᠢᠶ᠎ᠡ ᠠᠴᠠ ᠳᠠᠪᠠᠵᠤ ᠪᠥᠲᠥᠭᠡᠨ ᠪᠠᠶᠢᠭᠤᠯᠪᠡ
ᠨᠡᠶᠢᠲᠡᠯᠡᠭᠰᠡᠨ ᠴᠠᠭ᠄
2024/8/9
       ᠨᠢᠭᠡ ᠳᠤ ᠬᠠᠭᠤᠴᠢᠨ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ᠃ 20 ᠵᠢᠯ ᠬᠡᠲᠦᠷᠡᠭᠰᠡᠨ ᠪᠠ ᠠᠮᠤᠷ ᠲᠦᠪᠰᠢᠨ ᠤ ᠲᠦᠭᠰᠢᠭᠦᠷᠢ ᠶᠡᠬᠡᠲᠡᠶ ᠬᠠᠭᠤᠴᠢᠨ ᠬᠤᠭᠤᠯᠠᠶ ᠶᠢᠨ ᠲᠣᠤᠷ ᠢ 27.26 ᠺᠢᠯᠤᠮᠧᠲᠷ ᠰᠢᠨᠡᠳᠬᠡᠵᠦ᠂ ᠥᠭᠡᠷᠡᠴᠢᠯᠡᠪᠡ᠃ 8 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ᠂ ᠨᠢᠭᠡᠨᠲᠡ 31.7 ᠺᠢᠯᠤᠮᠧᠲᠷ ᠬᠡᠷᠡᠭᠵᠢᠭᠦᠯᠵᠦ᠂ ᠲᠥᠯᠥᠪᠯᠡᠭᠡ ᠠᠴᠠ 4.44 ᠺᠢᠯᠤᠮᠧᠲᠷ ︵ᠵᠢᠭᠰᠠᠭᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠪᠠᠰᠠ ᠨᠡᠮᠡᠭᠳᠡᠵᠦ ᠪᠠᠶᠢᠨ᠎ᠠ︶ ᠬᠡᠳᠦᠷᠡᠪᠡ᠃ 5515 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠪᠦᠬᠦ ᠲᠠᠯ᠎ᠠ ᠪᠠᠷ ᠳᠠᠭᠤᠰᠬᠠᠨ᠎ᠠ᠃    ᠬᠤᠶᠠᠷ ᠲᠤ᠂ ᠬᠡᠷᠡᠭᠯᠡᠭᠴᠢ ᠶᠢᠨ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ 15 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠬᠠᠭᠤᠴᠢᠨ ᠰᠠᠭᠤᠭᠠᠯᠢ ᠳᠤᠭᠤᠷᠢᠭ᠂ ᠢᠯᠴᠢ ᠬᠠᠩᠭᠠᠬᠤ ᠠᠰᠠᠭᠤᠳᠠᠯ ᠤᠨ ᠲᠤᠰᠬᠠᠯ ᠲᠥᠪᠯᠡᠷᠡᠭᠰᠡᠨ ᠬᠡᠷᠡᠭᠯᠡᠭᠴᠢ ᠳᠤ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠶᠢᠴᠠᠭᠠᠨ ᠬᠡᠮᠵᠢᠬᠦ ᠥᠭᠡᠷᠡᠴᠢᠯᠡᠯᠲᠡ ᠶᠢ ᠭᠤᠤᠯᠳᠠᠯᠭ᠎ᠠ ᠲᠠᠢ ᠬᠢᠵᠦ᠂ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠬᠢᠨᠠᠨ ᠬᠡᠮᠵᠢᠬᠦ ᠲᠥᠬᠦᠭᠡᠷᠦᠮᠵᠢ ᠶᠢ 300 ᠤᠭᠰᠠᠷᠠᠨ᠎ᠠ᠃ 8 ᠰᠠᠷ᠎ᠠ ᠶᠢᠨ 7 ᠤ ᠡᠳᠦᠷ ᠪᠣᠯᠲᠠᠯ᠎ᠠ᠂ 100 ᠡᠷᠦᠬᠡ ᠳᠤ ᠤᠭᠰᠠᠷᠠᠵᠤ᠂ 5 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠱᠢᠯᠲᠡ ᠪᠠᠷ 8 ᠰᠠᠷ᠎ᠠ ᠶᠢᠨ ᠳᠤᠮᠳᠠᠴᠢ ᠪᠠᠷ ᠠᠵᠢᠯ ᠢᠶᠠᠨ ᠳᠠᠭᠤᠰᠬᠠᠨ᠎ᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2