2024 ᠣᠨ ᠤ ᠵᠢᠨᠢᠩ ᠲᠣᠭᠤᠷᠢᠭ ᠤᠨ ᠳᠥᠷᠪᠡᠳᠦᠭᠡᠷ ᠬᠤᠭᠤᠴᠠᠭᠠᠨ ᠤ ᠰᠡᠯᠡᠭᠦᠴᠡᠯ ᠵᠤᠭᠠᠴᠠᠯ ᠤᠨ ᠤᠯᠠᠷᠢᠯ ᠡᠬᠢᠯᠡᠪᠡ
ᠨᠡᠶᠢᠲᠡᠯᠡᠭᠰᠡᠨ ᠴᠠᠭ᠄
2024/9/10
   9 ᠰᠠᠷ᠎ᠠ ᠶᠢᠨ 7 ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠭᠰᠡᠨ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ᠂ ᠬᠦᠰᠡᠯ ᠵᠡᠭᠦᠳᠦ ᠪᠠᠨ ᠬᠠᠮᠳᠤᠪᠠᠷ ᠲᠡᠷᠭᠡᠯᠰᠢᠭᠦᠯᠦᠶ᠎ᠡ - ᠬᠤᠪᠢᠰᠬᠠᠯᠲᠤ ᠠᠭᠤᠯᠠᠨ ᠬᠤᠲᠠ ᠶᠢ ᠬᠡᠶᠢᠬᠦᠯᠵᠦ ᠳᠥᠷᠪᠡᠨ ᠤᠯᠠᠷᠢᠯ ᠤᠨ ᠵᠢᠨᠢᠩ ᠢᠶᠠᠷ ᠵᠤᠭᠠᠴᠠᠶ᠎ᠠ︾ ᠭᠡᠬᠦ ᠰᠡᠳᠦᠪᠲᠦ 2024 ᠣᠨ ᠤ ᠵᠢᠨᠢᠩ ᠲᠣᠭᠤᠷᠢᠭ ᠤᠨ ᠳᠥᠷᠪᠡᠳᠦᠭᠡᠷ ᠬᠤᠭᠤᠴᠠᠭᠠᠨ ᠤ ᠰᠡᠯᠡᠭᠦᠴᠡᠯ ᠵᠤᠭᠠᠴᠠᠯ ᠤᠨ ᠤᠯᠠᠷᠢᠯ ᠤᠨ ᠡᠬᠢᠯᠡᠯᠲᠡ ᠶᠢᠨ ᠶᠣᠰᠣᠯᠠᠯ ᠲᠥᠪ ᠠᠭᠤᠳᠠᠮ ᠲᠠᠯᠠᠪᠠᠢ ᠳᠤ ᠶᠠᠪᠤᠭᠳᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠢᠨᠢᠩ ᠲᠣᠭᠤᠷᠢᠭ ᠤᠨ ᠤᠯᠠᠭᠠᠨᠮᠥ᠋ᠴᠢᠷ ᠠᠴᠠ ︽ᠬᠤᠪᠢᠰᠬᠠᠯᠲᠤ ᠠᠭᠤᠯᠠᠨ ᠬᠤᠲᠠ ᠶᠢ ᠬᠡᠶᠢᠬᠦᠯᠵᠦ ᠳᠥᠷᠪᠡᠨ ᠤᠯᠠᠷᠢᠯ ᠤᠨ ᠵᠢᠨᠢᠩ ᠢᠶᠠᠷ ᠵᠤᠭᠠᠴᠠᠶ᠎ᠠ︾ ᠬᠡᠬᠦ ᠲᠤᠰᠬᠠᠢ ᠰᠡᠳᠦᠪᠳᠦ ᠤᠷᠠᠨ ᠰᠠᠶᠢᠬᠠᠨ ᠤ ᠲᠣᠭᠯᠠᠯᠲᠠ ᠭᠠᠷᠭᠠᠪᠠ᠃ ᠳᠠᠭᠤᠤ ᠪᠦᠵᠢᠭ ︽ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠵᠡᠬᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾᠂ ᠡᠷᠡᠭᠲᠡᠢ ᠶᠢᠨ ᠭᠤᠴᠣᠯᠠᠯ ᠳᠠᠭᠤᠤ ︽ᠠᠪᠤ ᠶᠢᠨ ᠲᠠᠯ᠎ᠠ ᠨᠤᠲᠤᠭ ᠡᠵᠢ ᠶᠢᠨ ᠭᠤᠣᠯ ᠮᠥᠷᠡᠨ︾᠂ ︽ᠵᠣᠯᠭᠠᠯᠲᠠ︾᠂ ᠡᠮᠡᠭᠲᠡᠢ ᠶᠢᠨ ᠨᠠᠶᠢᠷᠠᠯ ᠳᠠᠭᠤᠤ ︽ᠤᠯᠠᠭᠠᠨᠴᠠᠪ ᠲᠤ ᠮᠤᠷᠢᠯᠠᠨ ᠰᠠᠭᠠᠳᠠᠭᠠᠷᠠᠢ︾ ᠮᠡᠲᠦ ᠶᠢᠨ ᠲᠣᠭᠯᠠᠯᠲᠠ ᠨᠢ ᠦᠵᠡᠭᠴᠢᠳ ᠤᠨ ᠨᠢᠵᠢᠬᠢᠨᠡᠭᠰᠡᠨ ᠠᠯᠠᠭ᠎ᠠ ᠳᠠᠰᠢᠯᠳᠠ ᠶᠢ ᠤᠯᠤᠭᠰᠠᠨ ᠪᠠᠶᠢᠨ᠎ᠠ᠃    ᠲᠣᠰ ᠬᠤᠭᠤᠴᠠᠭᠠᠨ ᠤ ᠰᠡᠯᠡᠭᠦᠴᠡᠯ ᠵᠤᠭᠠᠴᠠᠯ ᠤᠨ ᠤᠯᠠᠷᠢᠯ ᠤᠨ ᠠᠵᠢᠯᠯᠠᠭ᠎ᠠ ᠳᠤ ᠤᠷᠠᠨ ᠰᠠᠶᠢᠬᠠᠨ ᠤ ᠲᠣᠭᠯᠠᠯᠲᠠ᠂ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠵᠡᠷᠭᠡ ᠠᠯᠢ ᠣᠯᠠᠨ ᠤᠷᠠᠨ ᠰᠠᠶᠢᠬᠠᠨ ᠤ ᠠᠵᠢᠯᠯᠠᠭᠠᠨ ᠶᠠᠪᠤᠭᠤᠯᠬᠤ ᠪᠠᠷ ᠪᠠᠶᠢᠨ᠎ᠠ᠃ 9 ᠰᠠᠷ᠎ᠠ ᠶᠢᠨ 7 ᠤ ᠡᠳᠦᠷ ᠠᠴᠠ 13 ᠤ ᠡᠳᠦᠷ ᠪᠣᠯᠲᠠᠯᠠᠬᠢ ᠠᠵᠢᠯᠯᠠᠭ᠎ᠠ ᠶᠢᠨ ᠬᠤᠭᠤᠴᠠᠭᠠᠨ ᠳᠤ᠂ ︽ᠤᠮᠠᠷᠠᠲᠤ ᠬᠢᠯᠢ ᠶᠢᠨ ᠪᠠᠭ᠋ᠠᠳᠤᠯ · ᠲᠠᠩᠰᠤᠭ ᠰᠠᠶᠢᠬᠠᠨ ᠵᠢᠨᠢᠩ︾ ᠰᠡᠳᠦᠪᠳᠦ ᠵᠢᠨᠢᠩ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠭᠤᠳᠠᠮ ᠲᠠᠯᠠᠪᠠᠢ ᠶᠢᠨ ᠪᠥᠵᠢᠭ ᠤᠨ ᠤᠷᠤᠯᠳᠤᠭᠠᠨ᠂ ︽ᠤᠮᠠᠷᠠᠲᠤ ᠬᠢᠯᠢ ᠶᠢᠨ ᠰᠣᠶᠣᠯ · ᠠᠭᠤᠯᠠᠨ ᠬᠤᠳᠠ ᠶᠢᠨ ᠰᠠᠭᠤᠭᠳᠠᠯ︾ ᠰᠡᠳᠦᠪᠳᠦ ᠤᠯᠠᠨ ᠲᠦᠮᠡᠨᠴᠢ ᠴᠢᠨᠠᠷᠲᠠᠢ ᠤᠷᠠᠨ ᠰᠠᠶᠢᠬᠠᠨ ᠤ ᠲᠣᠭᠯᠠᠯᠲᠠ᠂ ︽ᠤᠮᠠᠷᠠᠲᠤ ᠬᠢᠯᠢ ᠶᠢ ᠬᠠᠩᠭᠢᠨᠠᠭᠤᠯᠤᠮ᠎ᠠ ᠪᠠᠶᠠᠰᠬᠤᠯᠠᠩᠲᠤ ᠵᠢᠨᠢᠩ︾ ᠰᠡᠳᠦᠪᠳᠦ ᠵᠢᠨᠢᠩ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠳᠠᠭᠤᠤ ᠶᠢᠨ ᠤᠷᠤᠯᠳᠤᠭᠠᠨ ᠵᠡᠷᠭᠡ ᠠᠵᠢᠯᠯᠠᠭ᠎ᠠ ᠨᠢ ᠲᠥᠯᠥᠪᠯᠡᠭᠡ ᠶᠣᠰᠣᠭᠠᠷ ᠲᠥᠪ ᠠᠭᠤᠳᠠᠮ ᠲᠠᠯᠠᠪᠠᠢ ᠳᠤ ᠶᠠᠪᠤᠭᠳᠠᠬᠤ ᠪᠣᠯᠤᠨ᠎ᠠ᠃    ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠲᠣᠰ ᠬᠤᠭᠤᠴᠠᠭᠠᠨ ᠤ ᠰᠡᠯᠡᠭᠦᠴᠡᠯ ᠵᠤᠭᠠᠴᠠᠯ ᠤᠨ ᠤᠯᠠᠷᠢᠯ ᠤᠨ ᠰᠢᠷᠢᠰ ᠠᠵᠢᠯᠯᠠᠭ᠎ᠠ ᠶᠢᠨ ᠠᠩᠬᠠᠳᠠᠭᠴᠢ ᠲᠣᠭᠯᠠᠯᠲᠠ ᠪᠠᠨ ᠡᠬᠢᠯᠡᠬᠦᠯᠦᠭᠰᠡᠨ ᠪᠠᠶᠢᠨ᠎ᠠ᠃ ᠵᠢᠨᠢᠩ ᠲᠣᠭᠤᠷᠢᠭ ᠤᠨ ᠬᠤᠷᠢᠨ ᠨᠢᠭᠡᠳᠦᠭᠡᠷ ᠬᠤᠭᠤᠴᠠᠭᠠᠨ ᠤ ᠨᠡᠶᠢᠭᠡᠮ ᠲᠣᠭᠤᠷᠢᠭ ᠤᠨ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠵᠢᠴᠢ ᠵᠢᠷᠭᠤᠳᠤᠭᠠᠷ ᠬᠤᠭᠤᠴᠠᠭᠠᠨ ᠤ ᠪᠦᠬᠦ ᠣᠷᠣᠨ ᠤ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡᠪᠡᠷ ᠶᠠᠪᠤᠭᠳᠠᠪᠠ᠃  ᠪᠥᠵᠢᠭ ︽ᠬᠠᠲᠤᠨ ᠭᠤᠤᠯ ᠲᠠᠢ ᠰᠡᠳᠬᠢᠯ ᠵᠢᠷᠦᠬᠡ ᠪᠠᠨ ᠬᠤᠯᠪᠣᠶ᠎ᠠ︾᠂ ᠬᠥᠭᠵᠢᠮᠳᠡᠭᠦᠷ ᠤᠨ ᠨᠠᠶᠢᠷᠠᠯ ᠬᠥᠭᠵᠢᠮ ︽ᠴᠡᠴᠡᠭ ᠪᠠ ᠪᠠᠭᠠᠴᠤᠳ︾᠂ ᠮᠤᠳᠧᠯ ᠤᠨ ᠦᠵᠡᠬᠦᠯᠦᠯᠭᠡ ︽ᠮᠠᠨᠵᠤ ᠲᠡᠷᠯᠢᠭ ᠤᠨ ᠦᠵᠡᠭᠦᠯᠦᠯᠭᠡ︾ ᠵᠡᠷᠭᠡ ᠲᠣᠭᠯᠠᠯᠲᠠ ᠨᠢ ᠵᠢᠨᠢᠩ ᠲᠣᠭᠤᠷᠢᠭ ᠤᠨ ᠥᠷᠭᠡᠨ ᠣᠯᠠᠨ ᠰᠠᠭᠤᠭᠠᠯᠢ ᠠᠷᠠᠳ ᠤᠨ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠬᠦᠯᠦᠭᠰᠡᠨ ᠪᠠᠶᠢᠨ᠎ᠠ᠃    ᠵᠢᠨᠢᠩ ᠲᠣᠭᠤᠷᠢᠭ ᠨᠢ ᠤᠯᠠᠭᠠᠨᠴᠠᠪ ᠬᠤᠳᠠ ᠶᠢᠨ ᠭᠤᠣᠯ ᠬᠤᠳᠠ ᠲᠣᠭᠤᠷᠢᠭ ᠪᠣᠯᠤᠨ᠎ᠠ᠂ ᠮᠥᠨ ᠴᠦ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ᠂ ᠳᠤᠮᠳᠠᠳᠤ ᠤᠯᠤᠰ ᠤᠨ ᠬᠠᠮᠤᠭ ᠤᠨ ᠰᠠᠶᠢᠨ ᠲᠠᠮᠢᠷ ᠰᠡᠯᠡᠭᠦᠴᠡᠯ ᠤᠨ ᠵᠣᠷᠢᠭᠰᠠᠨ ᠭᠠᠵᠠᠷ ᠪᠣᠯᠤᠨ᠎ᠠ᠃ ᠡᠨᠡ ᠵᠢᠯ ᠤᠨ 1 - 8 ᠰᠠᠷ᠎ᠠ ᠳᠤ᠂ ᠵᠢᠨᠢᠩ ᠲᠣᠭᠤᠷᠢᠭ ︽ᠥᠪᠥᠷ ᠮᠣᠩᠭᠤᠯ ᠳᠠᠬᠢ ᠬᠤᠲᠠ ᠶᠢᠨ ᠬᠠᠨᠳᠤᠯᠭᠠᠳᠤ ᠤᠷᠤᠯᠳᠤᠭᠠᠨ ᠤ ᠤᠯᠠᠭᠠᠨᠴᠠᠪ ᠥᠷᠲᠡᠭᠡ︾ · ︽ᠠᠩᠬᠠᠳᠠᠭᠴᠢ ᠬᠤᠭᠤᠴᠠᠭᠠᠨ ᠤ ᠯᠠᠨ ᠭᠧ ᠭᠧ ᠲᠠᠯ᠎ᠠ ᠨᠤᠲᠤᠭ ᠤᠨ ᠠᠶᠢᠷᠠᠭ ᠤᠨ ᠨᠠᠶᠢᠷ︾᠂ ︽ᠤᠯᠠᠭᠠᠨᠴᠠᠪ ᠤᠨ ︿ᠲᠠᠯ᠎ᠠ ᠨᠤᠲᠤᠭ ᠤᠨ ᠲᠣᠷᠭᠠᠨ ᠵᠠᠮ﹀ ᠤᠨ ᠶᠢᠰᠦᠳᠦᠭᠡᠷ ᠬᠤᠭᠤᠴᠠᠭᠠᠨ ᠤ ᠵᠢᠨᠢᠩ ᠤᠨ ᠣᠯᠠᠨ ᠤᠯᠤᠰ ᠤᠨ ᠠᠷᠠᠰᠤᠨ ᠡᠳ᠋ᠯᠡᠯ ᠤᠨ ᠨᠠᠶᠢᠷ︾ ᠵᠡᠷᠭᠡ ᠵᠢᠭᠤᠯᠴᠢᠯᠠᠯ ᠤᠨ ᠰᠣᠳᠣᠨ ᠵᠠᠮ ᠱᠤᠭᠤᠮ ᠢ ᠠᠮᠵᠢᠯᠲᠠ ᠲᠠᠢ ᠡᠷᠬᠢᠯᠡᠵᠦ᠂ ᠨᠡᠶᠢᠲᠡ 281.5 ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠤ᠂ 10.8 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.4% ᠪᠠ 22.7% ᠪᠠᠷ ᠨᠡᠮᠡᠭᠳᠡᠵᠦ᠂ ᠰᠣᠶᠣᠯ ᠵᠢᠭᠤᠯᠴᠢᠯᠠᠯ ᠤᠨ ᠠᠵᠤ ᠠᠬᠤᠶ ᠶᠢᠨ ᠰᠢᠨ᠎ᠡ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠥᠬᠦ ᠣᠷᠣᠨ ᠤ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠪᠠ᠃    
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2