ᠤᠳᠠᠯ ᠦᠭᠡᠢ ᠠᠵᠢᠯ ᠳᠠᠭᠤᠰᠤᠨ᠎ᠠ︕ ᠵᠢᠨᠢᠩ ᠲᠣᠭᠤᠷᠢᠭ ᠤᠨ ︽ᠳᠤᠯᠠᠭᠠᠯᠠᠬᠤ ᠢᠨᠵᠧᠨᠧᠷᠢᠩ︾ ︽ᠲᠦᠷᠭᠡᠨ ᠭᠦᠶᠦᠯᠲᠡ︾ ᠳᠤ ᠣᠷᠣᠪᠠ
ᠨᠡᠶᠢᠲᠡᠯᠡᠭᠰᠡᠨ ᠴᠠᠭ᠄
2024/9/10
       ︽ᠳᠤᠯᠠᠭᠠᠯᠠᠬᠤ ᠢᠨᠵᠧᠨᠧᠷᠢᠩ︾ ᠨᠢ ᠤᠯᠠᠨ ᠲᠦᠮᠡᠨ ᠤ ᠬᠠᠯᠠᠭᠤᠨ ᠳᠤᠯᠠᠭᠠᠨ ᠲᠠᠢ ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠨᠡ ᠵᠢᠯ ᠠᠴᠠ ᠨᠠᠰᠢ᠂ ᠵᠢᠨᠢᠩ ᠲᠣᠭᠤᠷᠢᠭ ᠰᠢᠨᠵᠢᠯᠡᠬᠦ ᠤᠬᠠᠭᠠᠨᠴᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ︽ᠳᠤᠯᠠᠭᠠᠯᠠᠬᠤ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠢᠯᠴᠢ ᠬᠠᠩᠭᠠᠬᠤ ᠤᠯᠠᠷᠢᠯ ᠪᠣᠯᠬᠤ ᠠᠴᠠ ᠡᠮᠦᠨ᠎ᠡ᠂ ᠪᠠᠷᠢᠯᠭ᠎ᠠ ᠪᠠᠷᠢᠬᠤ ᠪᠥᠬᠦ ᠡᠭᠦᠷᠭᠡ ᠪᠠᠨ ᠪᠡᠶᠡᠯᠡᠭᠦᠯᠬᠦ ᠪᠠᠷ ᠴᠢᠷᠮᠠᠶᠢᠪᠠ᠃ ᠣᠳᠣᠬᠠᠨ ᠳᠤ᠂ ᠡᠯ᠎ᠡ ᠲᠥᠷᠥᠯ ᠵᠦᠢᠯ ᠨᠢᠭᠡᠨᠲᠡ ︽ᠲᠦᠷᠭᠡᠨ ᠭᠦᠶᠦᠬᠦ︾ ᠵᠠᠭᠪᠤᠷ ᠲᠤ ᠣᠷᠣᠪᠠ᠃    ᠡᠨᠡ ᠵᠢᠯ ᠠᠴᠠ ᠨᠠᠰᠢ᠂ ᠵᠢᠨᠢᠩ ᠲᠣᠭᠤᠷᠢᠭ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠤᠯᠠᠭᠠᠯᠠᠭ᠎ᠠ ᠬᠠᠩᠭᠠᠬᠤ ᠬᠤᠭᠤᠴᠠᠭᠠᠨ ᠳᠤ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ︽ᠳᠤᠯᠠᠭᠠᠯᠠᠬᠤ ᠢᠨᠵᠧᠨᠧᠷᠢᠩ︾ ᠤᠨ ᠥᠭᠡᠷᠡᠴᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ᠃ ᠣᠲᠣ ᠪᠣᠯᠲᠠᠯ᠎ᠠ᠂ ᠢᠯᠴᠢ ᠶᠢᠨ ᠢᠷᠡᠯᠲᠡ ᠶᠢ ᠥᠭᠡᠷᠡᠴᠢᠯᠡᠬᠦ ᠲᠠᠯ᠎ᠠ ᠪᠠᠷ᠂ ᠹᠦ᠋ ᠯᠸᠢ ᠢᠯᠴᠢ ᠶᠢᠨ ᠢᠷᠡᠯᠲᠡ ᠶᠢᠨ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠪᠠᠷᠢᠯᠭ᠎ᠠ ᠶᠢ ᠨᠢᠭᠡᠨᠲᠡ ᠪᠦᠬᠦᠨ ᠢ ᠳᠠᠭᠤᠰᠬᠠᠪᠠ︔ ᠫᠦ᠋ ᠶᠤᠸᠠᠨ ᠢᠯᠴᠢ ᠶᠢᠨ ᠢᠷᠡᠯᠲᠡ ᠶᠢᠨ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠵᠢᠩ ᠨᠢᠩ ᠢᠯᠴᠢ ᠶᠢᠨ ᠴᠠᠬᠢᠯᠭᠠᠨ ᠤ  ᠦᠢᠯᠡᠳᠪᠦᠷᠢ ᠶᠢᠨ ᠬᠡᠢ ᠶᠢᠨ ᠢᠷᠡᠯᠲᠡ ᠶᠢ ᠥᠭᠡᠷᠡᠴᠢᠯᠡᠬᠦ ᠠᠵᠢᠯ ᠢ ᠨᠢᠭᠡᠨᠲᠡ 90% ᠠᠴᠠ ᠳᠡᠭᠡᠭᠰᠢ ᠪᠡᠶᠡᠯᠡᠭᠦᠯᠪᠡ᠃ ᠬᠤᠭᠤᠯᠠᠶ ᠶᠢᠨ ᠲᠣᠤᠷ ᠢ ᠥᠭᠡᠷᠡᠴᠢᠯᠡᠬᠦ ᠲᠠᠯ᠎ᠠ ᠪᠠᠷ᠂ ᠢᠯᠴᠢ ᠬᠠᠩᠭᠠᠬᠤ ᠨᠢᠭᠡ ᠤᠳᠠᠭᠠᠨ ᠤ ᠬᠤᠭᠤᠯᠠᠶ ᠶᠢᠨ ᠲᠣᠤᠷ ᠤᠨ ᠭᠤᠤᠯ ᠱᠤᠭᠤᠮ ᠢ ᠨᠢᠭᠡᠨᠲᠡ 10.3 ᠺᠢᠯᠣᠮᠧᠲᠷ ᠳᠡᠪᠢᠰᠴᠦ᠂ 161 ᠰᠠᠭᠤᠭᠠᠯᠢ ᠲᠣᠭᠤᠷᠢᠭ ᠤᠨ ᠬᠤᠶᠠᠳᠤᠭᠠᠷ ᠲᠣᠤᠷ ᠤᠨ ᠥᠭᠡᠷᠡᠴᠢᠯᠡᠯᠲᠡ ᠶᠢ ᠨᠢᠭᠡᠨᠲᠡ ᠪᠦᠬᠦᠨ ᠢ ᠡᠬᠢᠯᠡᠭᠦᠯᠵᠦ᠂ 123 ᠰᠠᠭᠤᠭᠠᠯᠢ ᠲᠣᠭᠤᠷᠢᠭ ᠢ ᠨᠢᠭᠡᠨᠲᠡ ᠥᠭᠡᠷᠡᠴᠢᠯᠡᠨ ᠪᠠᠶᠢᠭᠤᠯᠪᠠ᠃ ᠦᠯᠡᠳᠡᠭᠰᠡᠨ ᠲᠦᠷᠦᠯ ᠵᠦᠢᠯ ᠢ 9 ᠰᠠᠷ᠎ᠠ ᠶᠢᠨ ᠳᠤᠮᠳᠠᠴᠢ ᠪᠠᠷ ᠳᠠᠭᠤᠰᠭᠠᠨ᠎ᠠ᠃    ᠠᠷᠠᠳ ᠤᠨ ᠠᠮᠢᠳᠤᠷᠠᠯ ᠠᠷᠠᠳ ᠤᠨ ᠰᠡᠳᠬᠢᠯ ᠲᠠᠢ ᠬᠤᠯᠪᠣᠯᠳᠤᠵᠤ᠂ ᠠᠷᠠᠳ ᠤᠨ ᠰᠡᠳᠬᠢᠯ ᠠᠷᠠᠳ ᠤᠨ ᠬᠦᠴᠦᠨ ᠢ ᠨᠢᠭᠲᠠᠷᠠᠭᠤᠯᠵᠤ᠂ ︽ᠠᠷᠠᠳ ᠤᠨ ᠠᠮᠢᠳᠤᠷᠠᠯ ᠤᠨ ᠳᠤᠯᠠᠭᠠᠴᠠ︾ ᠪᠠᠷ ︽ᠬᠥᠭᠵᠢᠯᠲᠡ ᠶᠢᠨ ᠥᠨᠳᠥᠷ︾ ᠢ ᠪᠡᠶᠡᠯᠡᠭᠦᠯᠪᠡᠯ ᠰᠠᠶ᠋ᠢ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠠᠵᠤ ᠠᠬᠤᠢ ᠶᠢᠨ ᠬᠥᠭᠵᠢᠯᠲᠡ ᠶᠢᠨ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ ᠴᠢᠳᠠᠨ᠎ᠠ᠃ ᠵᠢᠨᠢᠩ ᠲᠣᠭᠤᠷᠢᠭ ᠦᠷᠭᠦᠯᠵᠢᠯᠡᠨ ︽ᠳᠤᠯᠠᠭᠠᠯᠠᠬᠤ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠦᠢᠯᠡᠴᠢᠯᠡᠭᠡᠨ ᠤ ᠲᠦᠪᠰᠢᠨ ᠪᠣᠯᠤᠨ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠰᠠᠭᠤᠭᠠᠯᠢ ᠠᠷᠠᠳ ᠲᠤ ︽ᠳᠤᠯᠠᠭᠠᠯᠠᠬᠤ ᠢᠨᠵᠧᠨᠧᠷᠢᠩ︾ ᠤᠨ ᠠᠪᠴᠢᠷᠠᠭᠰᠠᠨ ᠬᠤᠪᠢᠷᠠᠯᠲᠠ ᠶᠢ ᠦᠨᠡᠨᠬᠦ ᠮᠡᠳᠡᠷᠡᠭᠦᠯᠦᠨ᠎ᠡ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2