ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠸᠠᠩ ᠯᠢ ᠰᠢᠶᠠ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠡᠭᠰᠢᠪᠤᠯᠠᠭ ᠪᠠᠯᠭᠠᠰᠤᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/11
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠷ᠂ 8 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠪᠠᠶᠢᠴᠠᠭᠠᠨ ᠰᠤᠳᠤᠯᠪᠠ᠃     ᠲᠡᠭᠰᠢᠪᠤᠯᠠᠭ ᠪᠠᠯᠭᠠᠰᠤᠨ ᠤ ᠡᠮᠦᠨ᠎ᠡ ᠠᠶᠢᠯ ᠲᠣᠰᠬᠤᠨ ᠳᠤ᠂ ᠸᠠᠩ ᠯᠢ ᠰᠢᠶᠠ ᠲᠤᠬᠠᠢ ᠶᠢᠨ ᠭᠠᠵᠠᠷ ᠤᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠲᠥᠯᠥᠭᠡᠯᠡᠭᠴᠢᠳ ᠲᠠᠢ ᠬᠠᠮᠲᠤ ᠪᠦᠭᠦᠳᠠ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ ᠲᠥᠷᠥᠭᠳᠡᠯ᠂ ᠰᠡᠳᠬᠢᠴᠡ ᠪᠠᠨ ᠶᠠᠷᠢᠪᠠ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠷᠤᠭ᠎ᠠ ᠪᠠᠨ ᠰᠢᠤ ᠫᠢᠩ᠂ ᠲᠡᠭᠰᠢᠪᠤᠯᠠᠭ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠶᠦᠩ᠂ ᠡᠮᠦᠨ᠎ᠡ ᠠᠶᠢᠯ ᠲᠣᠰᠬᠤᠨ ᠤ ᠨᠠᠮ ᠤᠨ ᠡᠭᠦᠷ ᠤᠨ ᠱᠦᠵᠢ ᠶᠠᠩ ᠰᠢᠶᠣᠣ ᠵᠢᠶᠦ᠋ᠨ᠂ ᠡᠮᠦᠨ᠎ᠡ ᠠᠶᠢᠯ ᠲᠣᠰᠬᠤᠨ ᠤ ᠨᠠᠮ ᠤᠨ ᠭᠡᠰᠢᠭᠦᠨ ᠤ ᠲᠥᠯᠥᠭᠡᠯᠡᠭᠴᠢ ᠵᠠᠩ ᠰᠢᠶᠣᠣ ᠯᠢᠩ᠂ ᠲᠣᠰᠬᠤᠨ ᠤ ᠠᠷᠠᠳ ᠤᠨ ᠲᠥᠯᠥᠭᠡᠯᠡᠭᠴᠢ ᠭᠤᠤ ᠳ᠋ᠠ ᠬᠤᠩ᠂ ᠠᠵᠤ ᠠᠬᠤᠶᠢᠯᠠᠯ ᠤᠨ ᠲᠥᠯᠥᠭᠡᠯᠡᠭᠴᠢ ᠯᠢ ᠶᠢᠨ ᠯᠦᠩ᠂ ᠸᠠᠩ ᠢ ᠤᠷᠢᠳ ᠬᠤᠵᠢᠳ ᠦᠭᠡ ᠬᠡᠯᠡᠵᠦ᠂ ᠸᠠᠩ ᠯᠢ ᠰᠢᠶᠠ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠣᠯᠠᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠪᠠ᠃     ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠪᠠ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠪᠣᠯ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠳᠠᠷᠠᠭᠠᠬᠢ ᠪᠠᠰᠠ ᠨᠢᠭᠡ ᠤᠳᠠᠭ᠎ᠠ ᠶᠢᠨ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠣᠨ᠎ᠠ᠂ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠰᠠᠨᠠᠯ︾ ᠲᠠᠢ ᠤᠶᠠᠯᠳᠤᠭᠤᠯᠵᠤ᠂ ᠬᠤᠳᠠ ᠶᠢᠨ ᠪᠠᠶᠢᠳᠠᠯ᠂ ᠬᠤᠰᠢᠭᠤᠨ ᠤ ᠪᠠᠶᠢᠳᠠᠯ᠂ ᠪᠠᠯᠭᠠᠰᠤᠨ ᠤ ᠪᠠᠶᠢᠳᠠᠯ᠂ ᠲᠣᠰᠬᠤᠨ ᠤ ᠪᠠᠶᠢᠳᠠᠯ ᠢᠶᠠᠨ ᠭᠦᠨᠵᠡᠭᠡᠢ ᠰᠤᠳᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠲᠠᠷᠢᠶᠠᠯᠠᠩ ᠢ ᠬᠡᠷᠬᠢᠨ ᠬᠥᠭᠵᠢᠭᠦᠯᠬᠦ᠂ ᠲᠠᠷᠢᠶᠠᠴᠢᠳ ᠢ ᠬᠡᠷᠬᠢᠨ ᠪᠠᠶᠠᠵᠢᠭᠤᠯᠬᠤ᠂ ᠬᠥᠳᠡᠭᠡ ᠲᠣᠰᠬᠤᠨ ᠢ ᠬᠡᠷᠬᠢᠨ ᠰᠠᠶᠢᠲᠤᠷ ᠵᠠᠰᠠᠬᠤ ᠡᠨᠡ ᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ᠃ ᠬᠠᠮᠤᠭ ᠤᠨ ᠲᠣᠪᠤᠶᠢᠮ᠎ᠠ᠂ ᠬᠠᠮᠤᠭ ᠤᠨ ᠲᠤᠯᠭᠠᠮ ᠠᠰᠠᠭᠤᠳᠠᠯ ᠠᠴᠠ ᠭᠠᠷᠳᠠᠵᠤ ᠥᠭᠡᠷᠡᠴᠢᠯᠡᠯᠲᠡ ᠶᠢ ᠠᠳᠬᠤᠨ᠂ ᠬᠥᠳᠡᠭᠡ ᠲᠣᠰᠬᠤᠨ ᠤ ᠰᠤᠯᠠ ᠲᠠᠯᠪᠢᠭᠳᠠᠵᠤ ᠪᠠᠶᠢᠭ᠎ᠠ ᠣᠷᠣᠨ ᠰᠠᠭᠤᠴᠠ ᠶᠢᠨ ᠭᠠᠵᠠᠷ ᠵᠡᠷᠭᠡ ᠡᠳ᠋ ᠬᠥᠷᠥᠩᠭᠡ ᠡᠬᠢ ᠪᠠᠶᠠᠯᠢᠭ ᠢ ᠠᠮᠢᠳᠤᠯᠢᠭᠵᠢᠭᠤᠯᠤᠨ ᠨᠡᠶᠢᠳᠬᠡᠵᠦ᠂ ᠭᠠᠵᠠᠷ ᠰᠢᠷᠣᠢ ᠶᠢ ᠭᠦᠢᠯᠭᠡᠭᠡᠬᠦ ᠳᠦᠷᠢᠮ ᠢ ᠲᠡᠭᠦᠯᠳᠡᠷᠵᠢᠭᠦᠯᠦᠨ᠂ ᠨᠠᠷᠢᠯᠢᠭ ᠭᠦᠨᠵᠡᠭᠡᠢ ᠡᠳ᠋ᠰᠢᠭᠦᠯᠬᠦ ᠶᠢ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠮᠠᠯ ᠠᠵᠤ ᠠᠬᠤᠢ ᠲᠠᠷᠢᠶᠠᠯᠠᠩ ᠤᠨ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠥᠷᠥᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠠᠨ ᠲᠦᠮᠡᠨ᠂ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠢᠳᠡᠪᠬᠢᠵᠢᠯ ᠢ ᠥᠷᠭᠡᠨ ᠢᠶᠠᠷ ᠲᠠᠶᠢᠴᠢᠯᠠᠵᠤ᠂ ᠥᠭᠡᠷᠡᠴᠢᠯᠡᠯᠲᠡ ᠶᠢ ᠠᠳᠬᠤᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃       ᠵᠢᠩ ᠰᠢ ᠮᠠᠯ ᠠᠵᠤ ᠠᠬᠤᠢ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠪᠣᠯᠣᠨ ᠦᠬᠡᠷ ᠲᠡᠵᠢᠭᠡᠬᠦ ᠲᠣᠰᠬᠤᠨ ᠳᠤ᠂ ᠸᠠᠩ ᠯᠢ ᠰᠢᠶᠠ ᠳᠠᠷᠢᠬᠤ᠂ ᠲᠡᠵᠢᠭᠡᠬᠦ᠂ ᠪᠤᠯᠪᠠᠰᠤᠷᠠᠭᠤᠯᠬᠤ᠂ ᠪᠣᠷᠣᠯᠠᠭᠤᠯᠬᠤ ᠵᠢᠴᠢ ᠰᠣᠶᠣᠯ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠤᠭᠰᠠᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠭᠪᠤᠷ ᠢ ᠮᠠᠭᠲᠠᠨ ᠰᠠᠶᠢᠰᠢᠶᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠪᠣᠯᠣᠨ ᠬᠥᠳᠡᠭᠡ ᠲᠣᠰᠬᠤᠨ ᠤ ᠴᠢᠳᠠᠪᠤᠷᠢᠲᠠᠨ ᠤ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠦᠷᠢᠨᠰᠢᠭᠦᠯᠵᠦ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠸᠠᠩ ᠯᠢ ᠰᠢᠶᠠ ᠪᠠᠰᠠ ᠲᠠᠰᠢᠷᠠᠮ ᠢᠶᠠᠷ ᠤᠯᠠᠭᠠᠨᠴᠠᠪ ᠤᠨ ᠰᠥᠨᠢ ᠶᠢᠨ ᠵᠡᠭᠡᠯᠢ ᠲᠣᠭᠤᠷᠢᠭ ᠲᠤ ᠬᠦᠷᠴᠦ᠂ ᠵᠡᠭᠡᠯᠢ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠭᠦ ᠠᠵᠢᠯ ᠢ ᠭᠦᠢᠴᠡᠳ ᠨᠤᠲᠠᠯᠠᠵᠤ᠂ ᠡᠵᠡᠩᠨᠡᠯᠲᠡ ᠶᠢᠨ ᠭᠡᠯᠪᠡᠷᠢ ᠪᠠᠨ ᠪᠠᠶᠠᠯᠢᠭᠵᠢᠭᠤᠯᠵᠤ᠂ ᠨᠠᠷᠢᠨ ᠵᠦᠢᠯᠡᠰ ᠢ ᠠᠩᠬᠠᠷᠴᠤ᠂ ᠬᠡᠷᠡᠭᠯᠡᠭᠡ ᠶᠢ ᠡᠭᠦᠳᠴᠦ᠂ ᠬᠡᠷᠡᠭᠯᠡᠭᠡ ᠶᠢ ᠬᠥᠲᠥᠯᠥᠨ ᠳᠠᠭᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠡᠭᠦᠷᠢᠳᠡ ᠥᠨᠳᠥᠷᠯᠡᠬᠦ ᠦᠭᠡᠢ ᠤᠯᠠᠭᠠᠨᠴᠠᠪ ᠤᠨ ᠰᠥᠨᠢ ᠶᠢ ᠴᠣᠭᠴᠠᠯᠠᠬᠤ ᠬᠡᠷᠡᠭᠲᠡᠢ ᠭᠡᠵᠦ ᠵᠠᠬᠢᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2