ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/12
   9 ᠰᠠᠷ᠎ᠠ ᠶᠢᠨ 5 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠬᠦᠷᠴᠦ ᠤᠬᠠᠭᠤᠯᠤᠨ ᠲᠠᠶᠢᠯᠪᠤᠷᠢᠯᠠᠪᠠ᠃    ᠤᠬᠠᠭᠤᠯᠤᠨ ᠲᠠᠶᠢᠯᠪᠤᠷᠢᠯᠠᠬᠤ ᠳᠤᠮᠳᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠢᠤᠸᠠᠢ ᠹᠧᠩ ᠴᠢᠩ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠤᠯᠳᠠᠯᠭ᠎ᠠ ᠲᠠᠢ ᠡᠭᠦᠷᠭᠡ ᠶᠢ ᠣᠨᠣᠪᠴᠢᠲᠠᠶ ᠣᠶᠢᠯᠠᠭᠠᠬᠤ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ ᠲᠠᠯ᠎ᠠ ᠪᠠᠷ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠬᠤ ᠪᠠ ᠭᠦᠨᠵᠡᠭᠡᠶ ᠲᠣᠳᠣᠷᠬᠠᠶᠢᠯᠠᠨ ᠥᠭᠦᠯᠡᠪᠡ᠃     ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠵᠣᠷᠢᠭᠲᠠᠶ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠠᠷᠭ᠎ᠠ ᠵᠠᠮ ᠳᠤ ᠲᠦᠰᠢᠭᠯᠡᠬᠦ ᠠᠴᠠ ᠮᠤᠯᠲᠤᠷᠠᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠭᠠᠨᠴᠠᠪ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃    ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠣᠣ ᡁᠢ ᠭᠤᠸᠠᠩ᠂ ᠲᠠᠷᠠᠭᠠᠴᠢ ᠶᠢᠨ ᠠᠯᠬᠤᠮ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ︽ᠪᠣᠬᠢᠷᠲᠤᠯ ᠥᠬᠡᠶ ᠨᠡᠭᠦᠷᠡᠰᠦᠲᠥ᠋ᠷᠥᠭᠴᠢ︾ ᠶᠢᠨ ᠣᠶᠢᠯᠠᠭᠠᠭᠳᠠᠬᠤᠨ ᠤ ᠲᠣᠭᠤᠷᠢᠨ ᠳᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠪᠠᠯ ᠴᠢᠯᠠᠭᠤᠨ ᠠᠯᠺᠧᠨ᠂ ᠰᠢᠨ᠎ᠡ ᠡᠨᠧᠷᠭᠢ ᠶᠢᠨ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠢᠶᠠᠷ ᠲᠥᠯᠥᠭᠡᠯᠡᠭᠦᠯᠦᠭᠰᠡᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠠᠰ ᠳᠡᠪᠰᠢᠵᠦ ᠬᠥᠭᠵᠢᠬᠦ ᠶᠢ ᠲᠦᠷᠭᠡᠳᠬᠡᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠤᠨ᠎ᠠ ᠭᠡᠵᠦ ᠢᠯᠡᠷᠬᠡᠶᠢᠯᠡᠪᠡ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2