ᠪᠥᠬᠦ ᠬᠤᠲᠠ ᠶᠢᠨ ᠬᠤᠲᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠣᠷᠴᠢᠯ ᠠᠵᠤ | ᠠᠬᠤᠶ ᠶᠢ ᠬᠥᠭᠵᠢᠭᠦᠯᠦᠨ᠂ ᠬᠤᠲᠠ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠴᠠᠪ ᠬᠤᠲᠠ ᠶᠢᠨ ᠬᠤᠲᠠ ᠪᠠᠯᠭᠠᠰᠤ ᠶᠢᠨ ᠪᠠᠷᠢᠯᠭ᠎ᠠ ᠶᠢᠨ | ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ | ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠡᠳᠦᠭᠡ ᠠᠷᠭ᠎ᠠ ᠶᠢᠨ | ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠪᠠ᠃ | ᠨᠢᠭᠡ᠂ ᠲᠣᠭᠲᠠᠭᠠᠭᠰᠠᠨ ᠠᠬᠤᠶ ᠪᠠᠶᠢᠳᠠᠯ | ᠬᠤᠲᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠪᠣᠯ ᠰᠢ ᠶᠢᠨ ᠫᠢᠩ ᠤᠨ ᠠᠮᠢ ᠠᠬᠤᠶ ᠶᠢᠨ | ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ | ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠴᠢᠬᠤᠯᠠ ᠠᠭᠤᠯᠭ᠎ᠠ ᠮᠥᠨ᠃ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠳᠥᠯᠭᠢᠨ ᠠᠬᠢᠭᠤᠯᠬᠤ ᠨᠢ ᠬᠤᠲᠠ ᠶᠢᠨ ᠴᠢᠨᠠᠷ ᠰᠠᠶᠢᠲᠠᠶ ᠬᠥᠭᠵᠢᠯᠲᠡ ᠪᠠ ᠠᠮᠢ ᠠᠬᠤᠶ ᠶᠢᠨ | ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠪᠦᠲᠦᠮᠵᠢᠲᠡᠶ ᠬᠦᠴᠦᠨ ᠨᠡᠮᠡᠷᠢᠯᠡᠬᠦ ᠪᠤᠯᠤᠨ᠎ᠠ᠃ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠬᠦ ᠶᠢ ᠳᠠᠭᠠᠯᠳᠤᠨ᠂ ᠪᠠᠷᠢᠯᠭ᠎ᠠ ᠶᠢᠨ ᠬᠤᠭ ᠨᠣᠪᠰᠢ ᠶᠢᠨ | ᠭᠠᠷᠴᠠ ᠥᠨᠳᠥᠷ ᠲᠦᠪᠰᠢᠨ ᠳᠤ ᠪᠠᠶᠢᠵᠤ᠂ ᠮᠠᠨ ᠤ ᠬᠤᠲᠠ ᠶᠢᠨ ᠬᠤᠲᠠ ᠪᠠᠯᠭᠠᠰᠤᠨ ᠤ ᠪᠠᠷᠢᠯᠭ᠎ᠠ ᠶᠢᠨ ᠬᠤᠭ | ᠨᠣᠪᠰᠢ ᠶᠢᠨ ᠬᠠᠮᠢᠶᠠᠷᠤᠯᠲᠠ ᠳᠤ ᠭᠡᠰᠡᠭ ᠲᠣᠪᠤᠶᠢᠮ᠎ᠠ ᠠᠰᠠᠭᠤᠳᠠᠯ ᠢᠯᠡᠷᠡᠵᠦ᠂ ᠬᠤᠲᠠ ᠶᠢᠨ ᠪᠣᠬᠢᠷᠲᠤᠯ ᠥᠬᠡᠶ | ᠬᠥᠭᠵᠢᠯᠲᠡ ᠳᠡᠰᠢ ᠬᠡᠯᠪᠡᠷᠢ ᠪᠠᠨ ᠬᠤᠪᠢᠷᠠᠭᠤᠯᠬᠤ ᠪᠠ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠢ | ᠬᠥᠭᠡᠭᠡᠴᠡᠯᠳᠦᠬᠦ ᠦᠶᠡᠰ ᠤᠨ ᠣᠷᠴᠢᠨ ᠲᠣᠭᠤᠷᠢᠨ ᠤ ᠬᠡᠷᠡᠭᠴᠡᠭᠡ ᠶᠢ ᠬᠦᠨᠳᠦ ᠨᠣᠴᠢᠲᠠᠶ ᠨᠥᠯᠥᠭᠡᠯᠡᠭᠰᠡᠨ ᠪᠣᠯᠬᠤᠷ | ︽ᠠᠷᠭ᠎ᠠ︾ ᠶᠢ ᠲᠣᠭᠲᠠᠭᠠᠬᠤ ᠪᠠ ᠨᠡᠶᠢᠲᠡᠯᠡᠬᠦ ᠨᠢ ᠲᠦᠢᠯ ᠤᠨ ᠲᠤᠯᠭᠠᠮ᠎ᠠ ᠪᠥᠭᠡᠳ ᠴᠢᠬᠤᠯᠠ ᠪᠤᠯᠤᠭᠰᠠᠨ ᠪᠠᠶᠢᠨ᠎ᠠ᠃ | ᠬᠤᠶᠠᠷ᠂ ᠲᠣᠭᠲᠠᠭᠠᠭᠰᠠᠨ ᠦᠨᠳᠦᠰᠦᠯᠡᠯ | ︵ᠨᠢᠭᠡ︶ ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠢᠯᠡᠨ ᠵᠠᠰᠠᠬᠤ ᠬᠠᠤᠯᠢ︾ | ︵ᠬᠤᠶᠠᠷ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠲᠦᠷᠢᠮ︾ | ︵ᠭᠤᠷᠪᠠ︶ ︽ᠬᠤᠲᠠ ᠶᠢᠨ ᠳᠦᠷᠢ ᠲᠥᠷᠬᠦ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ | ᠬᠠᠮᠢᠶᠠᠷᠤᠯᠲᠠ ᠶᠢᠨ ᠳᠦᠷᠢᠮ︾ | ︵ᠲᠦᠷᠪᠡ︶ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ︾ | ︵ᠲᠠᠪᠤ︶ ︽ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠣᠷᠣᠭᠤᠯᠬᠤ ᠠᠷᠪᠠᠨ ᠲᠠᠪᠤᠨ | ᠵᠤᠷᠪᠤᠰ ᠵᠠᠰᠠᠭ ᠵᠠᠬᠢᠷᠭᠠᠨ ᠤ ᠵᠥᠪᠰᠢᠶᠡᠷᠡᠯ ᠤᠨ ᠨᠥᠬᠦᠴᠡᠯ ᠤᠨ ᠲᠤᠬᠠᠶ ᠪᠦᠲᠦᠭᠡᠨ ᠪᠠᠶᠢᠭᠤᠯᠤᠯᠲᠠ ᠶᠢᠨ ᠶᠠᠮᠤᠨ ᠤ | ᠲᠣᠭᠲᠠᠭᠠᠯ︾ | ︵ᠵᠢᠷᠭᠤᠭ᠎ᠠ︶ ︽ᠤᠯᠠᠭᠠᠨᠴᠠᠪ ᠬᠤᠲᠠ ᠶᠢᠨ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ | ︵ᠳᠤᠯᠤᠭ᠎ᠠ︶ ︽ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ ᠲᠤᠬᠠᠶ | ᠵᠢᠯᠣᠭᠤᠳᠬᠤ ᠰᠠᠨᠠᠯ︾ ︵ᠪᠦᠲᠦᠭᠡᠨ ᠪᠠᠶᠢᠭᠤᠯᠤᠯᠲᠠ ︹2020︺ 46 ᠳ᠋ᠤᠭᠠᠷ ᠲᠣᠭᠠᠲᠤ︶ | ︵ᠨᠠᠢᠮᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠪᠠᠷᠢᠯᠭ᠎ᠠ ᠶᠢᠨ | ᠬᠤᠭ ᠨᠣᠪᠰᠢ ᠶᠢ ᠲᠤᠰᠬᠠᠶ ᠴᠡᠭᠴᠡᠯᠡᠨ ᠵᠠᠰᠠᠬᠤ ᠲᠥᠰᠦᠯ︾ | ︵ᠶᠢᠰᠦ︶ ︽2024 ᠣᠨ ᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠲᠣᠭᠲᠠᠭᠠᠬᠤ ᠲᠥᠯᠥᠪᠯᠡᠭᠡ ᠶᠢᠨ ᠲᠤᠬᠠᠶ ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠥᠰᠥᠭ | ﹇2024﹈ 21 ᠳ᠋ᠤᠭᠡᠷ ᠲᠣᠭᠠᠲᠤ︶ | ᠭᠤᠷᠪᠠ᠂ ᠠᠷᠭ᠎ᠠ ᠶᠢᠨ ᠠᠭᠤᠯᠭ᠎ᠠ | ︽ᠬᠠᠮᠢᠶᠠᠷᠤᠯᠲᠠ ᠶᠢᠨ ᠠᠷᠭ᠎ᠠ︾ ᠨᠢ ᠨᠢᠭᠡᠳᠦᠭᠡᠷ ᠪᠦᠯᠦᠭ ᠤᠨ ︽ᠶᠡᠷᠦᠩᠬᠡᠶ ᠲᠦᠷᠢᠮ︾᠂ ᠬᠤᠶᠠᠳᠤᠭᠠᠷ | ᠪᠦᠯᠦᠭ ᠤᠨ ︽ᠭᠠᠷᠭᠠᠬᠤ᠂ ᠴᠤᠭᠯᠠᠭᠤᠯᠬᠤ ᠪᠠ ᠬᠠᠳᠠᠭᠠᠯᠠᠬᠤ︾᠂ ᠭᠤᠷᠪᠠᠳᠤᠭᠠᠷ ᠪᠦᠯᠦᠭ ᠤᠨ ︽ᠲᠡᠭᠡᠭᠡᠪᠦᠷᠢᠯᠡᠬᠦ᠂ | ᠠᠰᠢᠭᠯᠠᠬᠤ ᠪᠠ ᠰᠢᠢᠳᠪᠦᠷᠢᠯᠡᠬᠦ︾᠂ ᠳᠥᠷᠪᠡᠳᠦᠭᠡᠷ ᠪᠦᠯᠦᠭ ᠤᠨ ︽ᠬᠢᠨᠠᠯᠲᠠ ᠬᠠᠮᠢᠶᠠᠷᠤᠯᠲᠠ︾᠂ ᠲᠠᠪᠤᠳᠤᠭᠠᠷ | ᠪᠦᠯᠦᠭ ᠤᠨ ︽ᠳᠠᠭᠠᠯᠳᠤᠭᠤᠯᠤᠯ ᠲᠦᠷᠢᠮ︾ ᠵᠡᠷᠭᠡ 5 ᠪᠦᠯᠦᠭ ᠤᠨ 34 ᠵᠦᠢᠯ ᠤᠨ ᠠᠭᠤᠯᠭ᠎ᠠ ᠪᠠᠷ ᠪᠦᠷᠢᠯᠳᠦᠵᠡᠶ᠃ | ᠨᠢᠭᠡᠳᠦᠭᠡᠷ ᠪᠦᠯᠦᠭ᠂ ︽ᠶᠡᠷᠦᠩᠬᠡᠶ ᠲᠦᠷᠢᠮ︾᠃ ᠲᠤᠰ ᠬᠡᠰᠡᠭ ᠲᠤ ᠲᠣᠭᠲᠠᠭᠠᠬᠤ ᠠᠷᠭ᠎ᠠ ᠶᠢᠨ ᠵᠣᠷᠢᠯᠭ᠎ᠠ | ᠦᠨᠳᠦᠰᠦᠯᠡᠯ ᠵᠢᠴᠢ ᠬᠡᠷᠡᠭᠯᠡᠬᠦ ᠬᠡᠪᠴᠢᠶ᠎ᠡ᠂ ᠲᠣᠳᠣᠷᠬᠠᠶᠢᠯᠠᠯᠲᠠ᠂ ᠲᠥᠷᠥᠯ ᠬᠡᠯᠪᠡᠷᠢ ᠵᠢᠴᠢ ᠦᠨᠳᠦᠰᠦᠨ ᠵᠠᠷᠴᠢᠮ ᠢ | ᠲᠣᠳᠣᠷᠬᠠᠶᠢᠯᠠᠵᠤ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢ ᠲᠣᠭᠲᠠᠭᠠᠨ᠂ ᠴᠠᠭᠠᠵᠠᠯᠠᠬᠤ ᠦᠢᠯᠡ ᠠᠵᠢᠯᠯᠠᠭ᠎ᠠ ᠪᠠ ᠬᠡᠷᠡᠭᠵᠢᠭᠦᠯᠬᠦ ᠰᠦᠢᠳᠬᠡᠯ ᠬᠤᠷᠢᠶᠠᠬᠤ | ᠲᠦᠷᠢᠮ ᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ᠂ ︽ᠭᠠᠷᠭᠠᠬᠤ᠂ ᠴᠤᠭᠯᠠᠭᠤᠯᠬᠤ ᠪᠠ ᠬᠠᠳᠠᠭᠠᠯᠠᠬᠤ︾᠃ ᠲᠤᠰ ᠬᠡᠰᠡᠭ ᠲᠤ ᠡᠬᠢ | ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠬᠠᠮᠢᠶᠠᠷᠤᠯᠲᠠ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠦᠲᠦᠭᠡᠨ | ᠪᠠᠶᠢᠭᠤᠯᠤᠯᠲᠠ᠂ ᠪᠠᠷᠢᠯᠭ᠎ᠠ ᠪᠠᠷᠢᠬᠤ ᠨᠢᠭᠡᠴᠢ ᠶᠢᠨ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ᠂ ᠰᠢᠢᠳᠪᠦᠷᠢᠯᠡᠬᠦ | ᠲᠥᠰᠦᠯ ᠢ ᠳᠠᠩᠰᠠᠯᠠᠬᠤ᠂ ᠭᠠᠳᠠᠭᠰᠢᠯᠠᠭᠤᠯᠤᠯᠲᠠ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠨᠢᠭᠡᠴᠢ ᠶᠢᠨ | ᠬᠠᠮᠢᠶᠠᠷᠤᠯᠲᠠ ᠪᠠ ᠵᠠᠰᠠᠵᠤ ᠴᠢᠮᠡᠭᠯᠡᠬᠦ ᠬᠤᠭ ᠨᠣᠪᠰᠢ ᠶᠢᠨ ᠬᠠᠮᠢᠶᠠᠷᠤᠯᠲᠠ᠂ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠣᠷᠣᠨ᠂ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠵᠡᠷᠭᠡ | ᠲᠠᠯ᠎ᠠ ᠪᠠᠷ ᠱᠠᠭᠠᠷᠳᠠᠯᠭ᠎ᠠ ᠳᠤᠷᠠᠳᠪᠠ᠃ | ᠭᠤᠷᠪᠠᠳᠤᠭᠠᠷ ᠪᠦᠯᠦᠭ᠂ ︽ᠲᠡᠭᠡᠭᠡᠪᠦᠷᠢᠯᠡᠬᠦ᠂ ᠠᠰᠢᠭᠯᠠᠬᠤ ᠪᠠ ᠰᠢᠢᠳᠪᠦᠷᠢᠯᠡᠬᠦ︾᠃ ᠲᠤᠰ ᠬᠡᠰᠡᠭ ᠲᠤ | ᠲᠡᠭᠡᠭᠡᠪᠦᠷᠢ ᠶᠢᠨ ᠬᠢᠨᠠᠨ ᠵᠥᠪᠰᠢᠶᠡᠷᠡᠯ᠂ ᠲᠡᠭᠡᠭᠡᠪᠦᠷᠢ ᠶᠢᠨ ᠨᠢᠭᠡᠴᠢ ᠳᠤ ᠲᠠᠯᠪᠢᠬᠤ ᠱᠠᠭᠠᠷᠳᠠᠯᠭ᠎ᠠ᠂ ᠠᠰᠢᠭᠯᠠᠬᠤ ᠪᠤᠶᠤ | ᠰᠢᠢᠳᠪᠦᠷᠢᠯᠡᠬᠦ ᠨᠢᠭᠡᠴᠢ ᠶᠢᠨ ᠬᠠᠮᠢᠶᠠᠷᠤᠯᠳᠠ᠂ ᠲᠥᠷᠥᠯ ᠬᠤᠪᠢᠶᠠᠨ ᠠᠰᠢᠭᠯᠠᠬᠤ᠂ ᠵᠣᠷᠢᠭᠵᠢᠭᠤᠯᠬᠤ ᠵᠡᠷᠭᠡ | ᠲᠠᠯ᠎ᠠ ᠪᠠᠷ ᠱᠠᠭᠠᠷᠳᠠᠯᠭ᠎ᠠ ᠳᠤᠷᠠᠳᠪᠠ᠃ | ᠳᠥᠷᠪᠡᠳᠦᠭᠡᠷ ᠪᠦᠯᠦᠭ᠂ ︽ᠬᠢᠨᠠᠯᠲᠠ ᠬᠠᠮᠢᠶᠠᠷᠤᠯᠲᠠ︾᠃ ᠲᠤᠰ ᠬᠡᠰᠡᠭ ᠲᠤ ᠵᠠᠭᠠᠯᠳᠤᠵᠤ ᠢᠯᠡᠴᠢᠯᠡᠨ | ᠮᠡᠳᠡᠭᠦᠯᠬᠦ ᠬᠠᠷᠢᠭᠤᠴᠠᠯᠭ᠎ᠠ᠂ ᠦᠨᠡᠨᠴᠢ ᠢᠲᠡᠭᠡᠮᠵᠢ ᠶᠢᠨ ᠬᠠᠮᠢᠶᠠᠷᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ᠳᠠᠪᠤᠳᠤᠭᠠᠷ ᠪᠦᠯᠦᠭ᠂ ︽ᠳᠠᠭᠠᠯᠳᠤᠭᠤᠯᠤᠯ ᠳᠦᠷᠢᠮ︾᠃ ᠲᠤᠰ ᠬᠡᠰᠡᠭ ᠨᠢ ᠭᠤᠤᠯᠳᠠᠭᠤ ᠨᠡᠷ᠎ᠡ ᠲᠣᠮᠢᠶ᠎ᠠ ᠶᠢᠨ | ᠲᠣᠮᠢᠶᠠᠯᠠᠯ ᠵᠢᠴᠢ ᠬᠡᠷᠡᠭᠵᠢᠭᠦᠯᠬᠦ ᠴᠠᠭ ᠤᠨ ᠲᠣᠭᠲᠠᠭᠠᠯ ᠪᠣᠯᠤᠨ᠎ᠠ᠃ | | | | | |