ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/13
    ᠣᠶᠢᠷ᠎ᠠ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ᠃     ᠤᠬᠠᠭᠤᠯᠤᠨ ᠲᠠᠶᠢᠯᠪᠤᠷᠢᠯᠠᠬᠤ ᠳᠤᠮᠳᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠵᠣᠣ ᠬᠠᠶ ᠯᠦᠩ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠪᠥᠬᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠳ ᠲᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠣᠨᠣᠪᠴᠢᠲᠠᠶ ᠡᠵᠡᠮᠳᠡᠬᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠳᠤ ᠬᠦᠴᠦᠲᠡᠶ ᠵᠢᠯᠣᠭᠤᠳᠣᠯᠭ᠎ᠠ ᠬᠠᠩᠭᠠᠪᠠ᠃     ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠤᠯᠠᠨ ᠢᠶᠠᠷ ᠢᠶᠠᠨ᠂ ᠰᠤᠷᠲᠠᠯ ᠢᠶᠠᠨ ᠬᠤᠪᠢᠷᠠᠭᠤᠯᠵᠤ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠲᠠᠢ ᠥᠭᠡᠷᠡᠴᠢᠯᠡᠯᠲᠡ ᠶᠢ ᠠᠳᠬᠤᠵᠤ᠂ ᠠᠵᠢᠯ ᠬᠢᠵᠦ ᠦᠢᠯᠡᠰ ᠪᠤᠰᠬᠠᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ︽ᠪᠠᠷᠢᠯᠭ᠎ᠠ ᠶᠢᠨ ᠵᠢᠷᠤᠭ︾ ᠪᠣᠯᠭᠠᠨ ᠨᠠᠷᠢᠯᠢᠬᠵᠢᠭᠤᠯᠵᠤ᠂ ︽ᠪᠣᠳᠠᠲᠤ ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠡᠭᠦᠷᠭᠡ ᠶᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠦᠨᠡᠨ ᠪᠣᠳᠠᠲᠠᠢ ᠦᠷ᠎ᠡ ᠪᠦᠲᠦᠭᠡᠯ ᠢᠶᠠᠷ ᠢᠶᠠᠨ ᠨᠠᠮ ᠪᠣᠯᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2