ᠡᠨᠡ ᠵᠢᠯ ᠤᠨ ᠵᠤᠨ᠂ ᠤᠯᠠᠭᠠᠨᠴᠠᠪ ᠬᠤᠲᠠ ᠶᠢᠨ ︽ᠤᠯᠠᠭᠠᠨᠴᠠᠪ ᠤᠨ ᠰᠥᠨᠢ︾ ᠵᠡᠭᠡᠯᠢ ᠲᠣᠭᠤᠷᠢᠭ ᠨᠢ | ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠪᠠ ᠭᠠᠳᠠᠷ ᠣᠷᠣᠨ ᠤ ᠵᠤᠭᠠᠴᠠᠭᠰᠠᠳ ᠤᠨ ᠰᠤᠨᠢᠷᠬᠠᠯ ᠢ ᠶᠡᠬᠡᠳᠡ | ᠳᠠᠳᠠᠭᠰᠠᠨ ᠪᠠᠶᠢᠨ᠎ᠠ᠃ ᠪᠦᠬᠦ ᠤᠷᠲᠤ ᠨᠢ 500 ᠮᠧᠲᠷ ᠤᠨ ᠵᠡᠭᠡᠯᠢ ᠲᠣᠭᠤᠷᠢᠭ ᠨᠢ ᠣᠳᠣ ᠨᠢᠭᠡᠨᠲᠡ ᠬᠤᠯᠠ | ᠣᠶᠢᠷ᠎ᠠ ᠳᠤ ᠠᠯᠳᠠᠷᠰᠢᠭᠰᠠᠨ ᠲᠣᠭᠤᠷᠢᠨ ᠦᠵᠡᠵᠦ ᠠᠮᠠᠷᠠᠬᠤ᠂ ᠰᠣᠶᠣᠯ ᠤᠨ ᠡᠭᠦᠳᠦᠯᠲᠡ ᠣᠶᠢᠯᠠᠭᠠᠯᠲᠠ᠂ | ᠣᠨᠴᠠᠯᠢᠭᠲᠤ ᠢᠳᠡᠭᠡᠨ ᠤᠮᠳᠠᠭᠠᠨ᠂ ᠰᠣᠳᠣᠨ ᠵᠢᠵᠢᠭᠯᠡᠨ ᠪᠤᠷᠤᠯᠠᠭᠤᠯᠭ᠎ᠠ᠂ ᠬᠠᠷᠢᠯᠴᠠᠨ ᠦᠢᠯᠡᠳᠦᠯᠴᠡᠬᠦ ᠵᠤᠭ᠎ᠠ | ᠴᠡᠩᠭᠡᠯ ᠵᠡᠷᠭᠡ ᠶᠢ ᠨᠢᠭᠡ ᠴᠣᠭᠴᠠᠵᠢᠭᠤᠯᠤᠭᠰᠠᠨ ᠬᠤᠲᠠ ᠶᠢᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ | ᠲᠥᠪᠯᠡᠷᠡᠭᠰᠡᠨ ᠣᠷᠣᠨ ᠪᠣᠯᠵᠤ᠂ 140 ᠳᠡᠯᠭᠡᠭᠦᠷ ᠫᠦᠰᠡ᠂ ᠲᠣᠭᠲᠠᠮᠠᠯ ᠴᠠᠭ ᠤᠨ ᠭᠤᠤᠯ ᠰᠡᠳᠦᠪᠲᠦ | ᠲᠣᠭᠯᠠᠯᠲᠠ ᠶᠢᠨ ᠲᠠᠪᠴᠠᠩ 12 ᠪᠠᠶᠢᠭᠤᠯᠵᠤ᠂ 18 ᠵᠤᠭ᠎ᠠ ᠴᠡᠩᠭᠡᠯ ᠤᠨ ᠺᠠᠷᠲ ᠲᠠᠢ ᠭᠡᠷᠡᠯ ᠵᠢᠷᠤᠭ ᠤᠨ | ᠲᠥᠬᠦᠭᠡᠷᠦᠮᠵᠢ ᠲᠣᠬᠢᠷᠠᠭᠤᠯᠵᠤ᠂ ᠲᠣᠮᠣ ᠬᠡᠯᠪᠡᠷᠢ ᠶᠢᠨ ᠦᠵᠡᠭᠳᠡᠯᠲᠦ ᠳᠠᠭᠤᠤ ᠪᠥᠵᠢᠭ ᠤᠨ ᠵᠦᠴᠦᠭᠡ ︽ᠠᠯᠲᠠᠨ | ᠪᠦᠷᠭᠦᠳ ᠨᠢᠰᠴᠦ ᠭᠠᠷᠤᠭᠰᠠᠨ ᠤᠯᠠᠭᠠᠨᠴᠠᠪ︾ ᠨᠢ ︽ᠤᠯᠠᠭᠠᠨᠴᠠᠪ ᠤᠨ ᠰᠥᠨᠢ︾ ᠤᠨ ᠠᠯᠲᠠᠨ ᠪᠦᠷᠭᠦᠳ | ᠵᠦᠴᠦᠭᠡ ᠶᠢᠨ ᠬᠦᠷᠢᠶᠡᠯᠡᠩ ᠳᠤ ᠵᠡᠷᠭᠡ ᠪᠠᠷ ᠲᠣᠭᠯᠠᠵᠤ᠂ ᠥᠷᠭᠡᠨ ᠣᠯᠠᠨ ᠬᠤᠲᠠ ᠶᠢᠨ ᠠᠷᠠᠳ | ᠵᠢᠭᠤᠯᠴᠢᠯᠠᠭᠴᠢᠳ ᠲᠤ ᠥᠩᠭᠡ ᠢᠯᠭᠠᠷᠠᠭᠰᠠᠨ ᠵᠤᠰᠠᠯᠠᠩ ᠤᠨ ᠰᠢᠨ᠎ᠡ ᠲᠥᠷᠥᠭᠳᠡᠯ ᠠᠪᠴᠢᠷᠠᠵᠤ᠂ ᠣᠲᠣ ᠨᠢᠭᠡᠨᠲᠡ | ᠤᠯᠠᠭᠠᠨᠴᠠᠪ ᠤᠨ ᠴᠢᠬᠤᠯᠠ ᠰᠣᠶᠣᠯ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ | ︽ᠬᠠᠩᠭᠠᠨ ᠪᠣᠷᠣᠯᠠᠭᠤᠯᠭ᠎ᠠ + ᠰᠣᠶᠣᠯ ᠵᠢᠭᠤᠯᠴᠢᠯᠠᠯ︾ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠤᠶᠢᠵᠢᠭᠤᠯᠵᠤ᠂ ᠬᠠᠩᠭᠠᠨ ᠪᠣᠷᠣᠯᠠᠭᠤᠯᠭ᠎ᠠ ᠶᠢᠨ | ᠪᠡᠶ᠎ᠡ ᠪᠠᠨ ᠳᠠᠭᠠᠭᠠᠭᠰᠠᠨ ᠨᠡᠷᠡᠲᠦ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠥᠯᠥᠭᠡ᠂ ᠤᠯᠠᠭᠠᠨᠴᠠᠪ | ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠨᠢ ︽ᠤᠯᠠᠭᠠᠨᠴᠠᠪ ᠤᠨ ᠰᠥᠨᠢ︾ ᠵᠡᠭᠡᠯᠢ ᠲᠣᠭᠤᠷᠢᠭ ᠤᠨ | ᠣᠷᠣᠬᠤ ᠡᠭᠦᠳᠡᠨ ᠠᠴᠠ ᠥᠩᠭᠡᠷᠡᠭᠰᠡᠨ ᠢᠶᠠᠨ ᠳᠤᠷᠠᠰᠤᠨ ᠰᠠᠨᠠᠭᠠᠯᠵᠠᠬᠤ ᠭᠤᠤᠯ ᠰᠡᠳᠦᠪᠲᠦ ᠬᠠᠩᠭᠠᠨ ᠪᠣᠷᠣᠯᠠᠭᠤᠯᠬᠤ | ︽ᠰᠦᠯᠵᠢᠶᠡᠨ ᠤ ᠬᠠᠯᠠᠮᠰᠢᠯ ᠴᠡᠭ ᠤᠨ ᠬᠡᠲᠦ ᠳᠡᠯᠭᠡᠭᠦᠷ︾ ᠢ ᠨᠡᠭᠡᠭᠡᠵᠦ᠂ ᠨᠡᠶᠢᠲᠡ 30 ᠭᠠᠷᠤᠶ ᠵᠦᠢᠯ ᠤᠨ | ᠬᠠᠩᠭᠠᠨ ᠪᠣᠷᠣᠯᠠᠭᠤᠯᠬᠤ ᠣᠨᠴᠠᠯᠢᠭ ᠢᠶᠠᠷ ᠪᠠᠶᠠᠯᠢᠭ᠂ ᠤᠯᠠᠭᠠᠨᠴᠠᠪ ᠤᠨ ᠣᠨᠴᠠᠯᠢᠭ ᠢ ᠢᠯᠡᠷᠡᠭᠦᠯᠦᠭᠰᠡᠨ ᠰᠢᠯᠢᠳᠡᠭ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠳᠡᠯᠭᠡᠨ ᠦᠵᠡᠬᠦᠯᠦᠭᠰᠡᠨ ᠪᠠᠶᠢᠨ᠎ᠠ᠃ | ︽ᠬᠠᠩᠭᠠᠨ ᠪᠣᠷᠣᠯᠠᠭᠤᠯᠬᠤ ᠬᠡᠳᠦ ᠳᠡᠯᠭᠡᠭᠦᠷ︾ ᠢ ᠨᠡᠭᠡᠭᠡᠭᠰᠡᠨ ᠠᠴᠠ ᠨᠠᠰᠢ᠂ ᠡᠳᠦᠷ ᠪᠦᠷᠢ ᠬᠡᠳᠦᠨ ᠵᠠᠭᠤᠨ | ᠵᠤᠭᠠᠴᠠᠭᠰᠠᠳ ᠢ ᠬᠦᠯᠢᠶᠡᠨ ᠠᠪᠴᠤ᠂ ᠣᠷᠭᠢᠯ ᠴᠠᠭ ᠲᠤ ᠪᠠᠨ ᠮᠢᠩᠭ᠎ᠠ ᠭᠠᠷᠤᠶ ᠬᠥᠮᠦᠨ ᠢ ᠬᠦᠯᠢᠶᠡᠨ ᠠᠪᠴᠤ | ᠵᠣᠴᠢᠯᠠᠪᠠ᠃ ᠬᠠᠩᠭᠠᠨ ᠪᠣᠷᠣᠯᠠᠭᠤᠯᠬᠤ ᠬᠡᠲᠦ ᠳᠡᠯᠭᠡᠭᠦᠷ ᠤᠨ ᠶᠡᠷᠦᠩᠬᠡᠶ ᠳᠠᠭᠠᠭᠠᠮᠠᠯ ᠵᠠᠩ ᠨᠢᠩ᠄ ︽ᠪᠢᠳᠡ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠬᠠᠮᠤᠭ ᠤᠨ ᠰᠠᠶᠢᠨ ᠪᠦᠲᠦᠭᠡᠭᠳᠡᠬᠦᠨ᠂ ᠬᠠᠮᠤᠭ ᠤᠨ ᠰᠠᠶᠢᠨ ᠦᠢᠯᠡᠴᠢᠯᠡᠭᠡ ᠶᠢ | ᠥᠷᠭᠡᠨ ᠣᠯᠠᠨ ᠵᠤᠭᠠᠴᠠᠭᠰᠠᠳ ᠲᠤ ᠬᠦᠷᠭᠡᠨ ᠥᠭᠴᠦ᠂ ᠪᠥᠬᠦ ᠤᠯᠤᠰ ᠤᠨ ᠵᠤᠭᠠᠴᠠᠭᠰᠠᠳ ᠲᠤ ︿ᠤᠯᠠᠭᠠᠨᠴᠠᠪ ᠤᠨ | ᠰᠥᠨᠢ﹀ ᠶᠢ ᠮᠡᠳᠡᠬᠦᠯᠵᠦ᠂ ᠤᠯᠠᠭᠠᠨᠴᠠᠪ ᠤᠨ ᠬᠠᠩᠭᠠᠨ ᠪᠣᠷᠣᠯᠠᠭᠤᠯᠤᠭᠴᠢ ᠶᠢᠨ ᠥᠪᠡᠷᠮᠢᠴᠡ ᠬᠠᠯᠠᠭᠤᠨ | ᠰᠡᠳᠬᠢᠯᠭᠡ ᠶᠢ ᠮᠡᠳᠡᠷᠡᠭᠦᠯᠵᠦ᠂ ᠬᠠᠩᠭᠠᠨ ᠪᠣᠷᠣᠯᠠᠭᠤᠯᠬᠤ ᠳᠡᠯᠭᠡᠭᠦᠷ ᠤᠨ ᠠᠷᠠᠯᠵᠢᠶ᠎ᠠ ᠶᠢ ᠨᠠᠩ ᠥᠭᠡᠳᠡ ᠡᠰᠡᠷᠡᠭ | ᠪᠣᠯᠭᠠᠨ᠎ᠠ︾ ᠭᠡᠵᠦ ᠬᠡᠯᠡᠪᠡ᠃ | ᠢᠷᠡᠭᠡᠳᠦᠶ ᠶᠢᠨ ᠲᠤᠬᠠᠶ ᠶᠠᠷᠢᠬᠤ ᠳᠤ᠂ ᠤᠯᠠᠭᠠᠨᠴᠠᠪ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠬᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ ᠵᠠᠩ ᠢᠦᠶ ᠵᠢᠤᠸᠠᠨ᠄ ︽ᠪᠢᠳᠡ ᠦᠷᠭᠦᠯᠵᠢᠯᠡᠨ ᠪᠥᠬᠦ | ᠬᠤᠲᠠ ᠶᠢᠨ ᠭᠤᠤᠯᠳᠠᠯᠭ᠎ᠠ ᠲᠠᠢ ᠰᠣᠶᠣᠯ ᠤᠨ ᠲᠠᠯᠠᠪᠤᠷ ᠣᠷᠳᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ | ᠰᠣᠶᠣᠯ ᠵᠢᠭᠤᠯᠴᠢᠯᠠᠯ ᠬᠠᠩᠭᠠᠨ ᠪᠣᠷᠣᠯᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠤᠷ ᠴᠡᠭ ᠢ ᠪᠠᠶᠢᠭᠤᠯᠵᠤ᠂ | ᠬᠠᠩᠭᠠᠨ ᠪᠣᠷᠣᠯᠠᠭᠤᠯᠬᠤ ᠣᠨᠴᠠᠯᠢᠭ ᠲᠠᠢ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ | ᠪᠦᠲᠦᠭᠡᠭᠳᠡᠬᠦᠨ ᠢ ᠪᠣᠶ ᠪᠣᠯᠭᠠᠵᠤ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠪᠣᠷᠣᠯᠠᠭᠤᠯᠭ᠎ᠠ ᠶᠢᠨ ᠰᠢᠨ᠎ᠡ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ︿ᠤᠤᠷ ᠠᠮᠳᠠᠳᠤ ᠤᠯᠠᠭᠠᠨᠴᠠᠪ﹀ ᠢ | ᠪᠥᠬᠦ ᠤᠯᠤᠰ ᠤᠨ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠵᠤ᠂ ᠬᠠᠩᠭᠠᠨ ᠪᠣᠷᠣᠯᠠᠭᠤᠯᠭ᠎ᠠ ᠪᠠ | ᠵᠢᠭᠤᠯᠴᠢᠯᠠᠯ ᠤᠨ ᠦᠢᠯᠡᠰ ᠤᠨ ᠬᠠᠮᠳᠤᠷᠠᠨ ᠬᠦᠭᠵᠢᠬᠦ ᠶᠢ ᠳᠠᠶᠢᠴᠢᠯᠠᠨᠡ︾ ᠬᠡᠪᠡ᠃ | | | | | |